ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠤᠳᠠ ᠶᠢᠨ ᠪᠣᠭᠤᠮᠲᠠ ᠪᠠᠯᠭᠠᠰᠤ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠰᠦᠭᠡᠢ — ᠰᠢᠶᠠᠨ ᠤ ᠨᠠᠮ ᠤᠨ ᠬᠤᠷᠢᠶ᠎ᠡ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠦᠬᠦᠳᠠ ᠬᠤᠷᠠᠯ ᠤᠨ ᠬᠤᠳᠠ ᠶᠢᠨ ᠪᠣᠭᠤᠮᠲᠠ ᠪᠠᠯᠭᠠᠰᠤ ᠶᠢᠨ ᠶᠠᠷᠢᠯᠴᠠᠬᠤ ᠳᠤᠭᠤᠶᠢᠯᠠᠩ ᠬᠥᠭᠵᠢᠶᠡᠨᠲᠡᠢ ᠶᠠᠷᠢᠯᠴᠠᠪᠠ
ᠨᠡᠶᠢᠲᠡᠯᠡᠭᠰᠡᠨ ᠴᠠᠭ᠄
2023/7/27
     7 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠳᠤ ᠣᠷᠣᠯᠴᠠᠭᠰᠠᠨ ᠰᠢᠶᠠᠨ ᠤ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠰᠤᠯᠠ ᠣᠷᠣᠯᠴᠠᠭᠰᠠᠳ ᠳᠤᠭᠤᠶᠢᠯᠠᠩ ᠬᠤᠪᠢᠶᠠᠨ ᠶᠠᠷᠢᠯᠴᠠᠪᠠ᠃      ᠴᠧᠩ ᠭᠤᠸᠠᠨ ᠵᠧᠨ ᠪᠠᠯᠭᠠᠰᠤᠨ ᠤ ᠶᠠᠷᠢᠯᠴᠠᠬᠤ ᠳᠤᠭᠤᠶᠢᠯᠠᠩ ᠤᠨ ᠬᠢᠨ ᠸᠠᠩ ᠬᠤᠶ ᠢᠦᠶ ᠱᠦᠵᠢ ᠶᠢᠨ ᠶᠠᠷᠢᠶ᠎ᠠ ᠶᠢ ᠨᠠᠷᠢᠨ ᠬᠢᠨᠠᠮᠠᠭᠠᠶ ᠶᠠᠷᠢᠯᠴᠠᠵᠤ᠂ ︽ᠰᠢᠶᠠᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠶᠠᠷᠢᠯᠴᠠᠬᠤ ᠨᠣᠤᠷᠠᠭ︶︾᠂ ︽ᠹᠧᠩ ᠵᠢᠶᠦ᠋ᠨ᠂ ᠵᠠᠩ ᠭᠤᠸᠠᠩ᠂ ᠵᠠᠩ ᠵᠢᠶᠦ᠋ᠨ᠂ ᠵᠣᠣ ᠷᠦᠢ ᠸᠠᠩ᠂ ᠮᠠ ᠨᠢᠩ᠂ ᠺᠠᠩ ᠪᠢᠶᠤᠤ ᠵᠡᠷᠭᠡ 6 ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠤ ᠲᠤᠰᠢᠶᠠᠯ ᠢ ᠤᠭᠴᠠᠷᠠᠭᠤᠯᠬᠤ ᠲᠤᠬᠠᠶ ᠲᠣᠭᠲᠠᠭᠠᠯ ︵ᠲᠥᠰᠦᠯ︶ ︵ᠶᠠᠷᠢᠯᠴᠠᠬᠤ ᠨᠣᠤᠷᠠᠭ︶︾ ᠵᠢᠴᠢ ︽ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ︵ᠶᠠᠷᠢᠯᠴᠠᠬᠤ ᠨᠣᠤᠷᠠᠭ︶︾᠃ ᠡᠭᠦᠨ ᠤ ᠬᠠᠮᠲᠤ ᠲᠤᠰ ᠤᠳᠠᠭ᠎ᠠ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠪᠣᠯᠤᠨ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠣᠯᠢᠯᠴᠠᠨ ᠶᠠᠷᠢᠯᠴᠠᠪᠠ᠃      ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠶᠦᠩ ᠴᠦᠨ      ᠸᠠᠩ ᠱᠦᠵᠢ ᠶᠢᠨ ᠶᠠᠷᠢᠶ᠎ᠠ ᠶᠢ ᠰᠣᠨᠣᠰᠤᠭᠠᠳ ᠪᠢ ᠶᠡᠬᠡᠳᠡ ᠵᠣᠷᠢᠭᠵᠢᠵᠤ᠂ ᠲᠦᠢᠯ ᠢᠶᠠᠷ ᠤᠷᠮᠠᠰᠢᠨ ᠵᠣᠷᠢᠭᠵᠢᠪᠠ᠃ ᠶᠠᠷᠢᠶ᠎ᠠ ᠨᠢ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠣᠯᠤᠭᠰᠠᠨ ᠭᠠᠷᠮᠠᠭᠠᠢ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠭᠰᠡᠨ ᠪᠥᠭᠡᠳ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠡ ᠶᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠵᠣᠭᠰᠣᠴᠠ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠠᠯᠤᠰ ᠬᠡᠳᠦ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠢᠯᠡᠷᠡᠭᠦᠯᠵᠦ᠂ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠳᠤ ᠰᠢᠨ᠎ᠡ ᠴᠢᠭᠯᠡᠯ ᠢ ᠵᠢᠭᠠᠵᠤ ᠥᠭᠴᠡᠢ᠃ ᠵᠠᠯᠭᠠᠭᠠᠳ᠂ ᠴᠧᠩ ᠭᠤᠸᠠᠨ ᠪᠠᠯᠭᠠᠰᠤ ᠪᠥᠬᠦᠳᠡ ᠬᠤᠷᠠᠯ ᠤᠨ ᠲᠣᠭᠤᠷᠢᠨ ᠳᠤ ᠨᠢᠭᠡᠳᠦᠯᠲᠡᠶ ᠪᠠᠶᠢᠷᠢᠯᠠᠭᠤᠯᠤᠯᠲᠠ ᠬᠢᠵᠦ᠂ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠲᠠᠪᠤᠨ ᠶᠡᠭᠡ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ  ᠦᠢᠯᠡᠰ ᠢ ᠬᠥᠭᠵᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠺᠠᠳ᠋ᠷ ᠤᠨ ᠡᠩᠨᠡᠭᠡ ᠶᠢ ᠴᠡᠭᠴᠡᠯᠡᠬᠦ ᠵᠡᠷᠭᠡ ᠲᠠᠯ᠎ᠠ ᠪᠠᠷ ᠬᠦᠴᠦᠯᠡᠨ ᠴᠢᠷᠮᠠᠶᠢᠵᠤ᠂ ᠰᠢᠯᠢᠳᠡᠭ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃      ᠴᠧᠩ ᠭᠤᠸᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ  ᠹᠧᠩ ᠰᠢᠤᠢ ᠬᠤᠶ      ᠲᠣᠰ ᠤᠳᠠᠭᠠᠨ ᠤ ᠪᠥᠬᠦᠳᠡ ᠬᠤᠷᠠᠯ ᠠᠴᠠ ᠪᠢᠳᠡᠨ ᠳᠤ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠵᠤ᠂ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠪᠠ᠂ ᠲᠠᠷᠠᠭᠠᠴᠢ ᠶᠢᠨ ᠠᠵᠢᠯ ᠤᠨ ᠳᠤᠮᠳᠠ᠂ ᠴᠧᠩ ᠭᠤᠸᠠᠨ ᠪᠠᠯᠭᠠᠰᠤ ᠳᠣᠤᠷᠠᠬᠢ ᠬᠡᠳᠦᠨ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠄ ᠨᠢᠭᠡ ᠳᠤ ᠶᠠᠳᠠᠭᠤ ᠠᠴᠠ ᠰᠡᠷᠭᠡᠶᠢᠯᠡᠬᠦ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠤᠶᠠᠷ ᠲᠤ᠂ ᠬᠤᠷᠢᠨ ᠭᠤᠷᠪᠠᠳᠤᠭᠠᠷ ᠨᠣᠮᠧᠷᠲᠤ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠨᠲᠡ ᠪᠠᠶᠢᠭᠤᠯᠤᠭᠰᠠᠨ ᠨᠠᠨ ᠭᠤᠸᠠᠨ ᠲᠠᠷᠢᠶᠠᠯᠠᠩ ᠤᠨ ᠪᠦᠲᠦᠭᠡᠭᠳᠡᠬᠦᠨ ᠤ ᠲᠥᠪ ᠢ ᠭᠦᠢᠴᠡᠳ ᠠᠰᠢᠭᠯᠠᠨ ᠪᠥᠬᠦ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠭᠤᠷᠪᠠ ᠳᠤ᠂ ᠪᠦᠬᠦ ᠪᠠᠯᠭᠠᠰᠤ ᠶᠢᠨ ᠰᠣᠶᠣᠯ ᠠᠮᠢ ᠠᠬᠤᠢ ᠶᠢᠨ ᠵᠤᠭᠠᠴᠠᠯ᠂ ᠰᠣᠶᠣᠯ ᠢᠷᠭᠡᠨᠰᠢᠯ ᠤᠨ ᠵᠤᠭᠠᠴᠠᠯ᠂ ᠬᠤᠪᠢᠰᠬᠠᠯ ᠤᠨ ᠳᠤᠷᠠᠰᠬᠠᠯᠲᠤ ᠵᠤᠭᠠᠴᠠᠯ᠂ ᠮᠠᠯ ᠠᠵᠤ ᠠᠬᠤᠢ ᠲᠠᠷᠢᠶᠠᠯᠠᠩ ᠤᠨ ᠵᠤᠭᠠᠴᠠᠯ ᠢ ᠲᠦᠷᠭᠡᠨ ᠬᠥᠭᠵᠢᠭᠦᠯᠵᠦ᠂ ᠨᠡᠶᠢᠰᠯᠡᠯ ᠳᠤ ᠬᠠᠨᠳᠤᠭᠤᠯᠤᠭᠰᠠᠨ ︽ᠠᠷᠤ ᠲᠠᠯ᠎ᠠ ᠶᠢᠨ ᠴᠡᠴᠡᠷᠯᠢᠭ︾᠂ ︽ᠲᠤᠮᠤ ᠨᠣᠭᠤᠭ᠎ᠠ ᠶᠢᠨ ᠬᠦᠷᠢᠶᠡᠯᠡᠩ︾ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠲᠦᠷᠪᠡ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ ᠂ ᠠᠷᠠᠳ ᠲᠦᠮᠡᠨ ᠤ ᠠᠵᠠ ᠵᠢᠷᠭᠠᠯ ᠢ ᠴᠢᠷᠮᠠᠶᠢᠨ ᠳᠡᠭᠡᠭᠰᠢᠯᠡᠭᠦᠯᠦᠨ᠎ᠡ᠃      ᠡᠯ ᠲᠠᠢ ᠽᠢ ᠲᠣᠰᠬᠤᠨ ᠤ ᠨᠠᠮ ᠤᠨ ᠡᠭᠦᠷ ᠤᠨ ᠱᠦᠵᠢ ᠯᠢᠶᠠᠩ ᠶᠠᠨ      ᠸᠠᠩ ᠱᠦᠵᠢ ᠶᠢᠨ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠦᠨᠳᠦᠰᠦᠨ ᠱᠠᠲᠤᠨ ᠤ ᠲᠣᠰᠬᠤᠨ ᠤ ᠺᠠᠳ᠋ᠷ ᠪᠣᠯᠤᠭᠰᠠᠨ ᠤ ᠬᠤᠪᠢ ᠳᠤ ᠪᠢ ᠮᠠᠰᠢ ᠶᠡᠭᠡ ᠵᠣᠷᠢᠭᠵᠢᠭᠤᠯᠤᠯ ᠪᠠ ᠰᠡᠩᠬᠡᠷᠡᠭᠦᠯᠦᠯ ᠣᠯᠤᠭᠰᠠᠨ ᠶᠤᠮ᠃ ᠬᠤᠶᠢᠰᠢᠳᠠ ᠶᠢᠨ ᠠᠵᠢᠯ ᠳᠤᠮᠳᠠ ᠪᠠᠨ ᠪᠢ ᠥᠩᠭᠡᠷᠡᠭᠰᠡᠨ ᠲᠠᠢ ᠪᠠᠨ ᠠᠳᠠᠯᠢ ᠪᠠᠷ ︽ᠳᠠᠭᠠᠭᠤᠯᠤᠭᠴᠢ︾ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠬᠥᠳᠡᠭᠡ ᠲᠣᠰᠬᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠲᠠᠯ᠎ᠠ ᠪᠠᠷ᠄ ᠨᠢᠭᠡ ᠳᠤ᠂ ︽ᠬᠤᠶᠠᠷ ᠵᠥᠪᠯᠡᠯ︾ ᠤᠨ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠠᠴᠠᠭ᠎ᠠ ᠶᠢ ᠳᠠᠭᠠᠭᠠᠴᠢᠯᠠᠬᠤ ᠳᠦᠷᠢᠮ ᠢ ᠬᠡᠷᠡᠭᠵᠢᠭᠦᠯᠦᠨ᠎ᠡ᠃ ᠬᠤᠶᠠᠷ ᠲᠤ᠂ ᠨᠠᠮ ᠤᠨ ᠭᠡᠰᠢᠭᠦᠨ ᠢᠶᠠᠷ ᠬᠥᠲᠥᠯᠥᠨ ᠳᠠᠭᠠᠭᠤᠯᠤᠭᠰᠠᠨ᠂ ᠬᠡᠪ ᠴᠢᠨᠠᠷ ᠰᠠᠶᠢᠲᠠᠶ ᠡᠶᠡᠳᠡᠭᠦᠯᠦᠭᠴᠢ ᠶᠢᠨ ᠡᠩᠨᠡᠭᠡ ᠶᠢ ᠪᠠᠶᠢᠭᠤᠯᠤᠨ᠎ᠠ᠃ ᠭᠤᠷᠪᠠ ᠳᠤ᠂ ᠨᠠᠮ ᠤᠨ ᠭᠡᠰᠢᠭᠦᠨ ᠺᠠᠳ᠋ᠷᠴᠤᠳ ᠤᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ᠄ ᠨᠢᠭᠡ ᠳᠤ᠂ ᠲᠣᠣᠷᠵᠢᠯ ᠤᠨ ᠵᠠᠰᠠᠯᠲᠠ ᠶᠢ ᠴᠢᠩᠭᠠᠳᠬᠠᠵᠤ᠂ ᠠᠶᠢᠯ ᠲᠣᠰᠬᠤᠨ ᠤ ᠵᠠᠰᠠᠯᠲᠠ ᠶᠢᠨ ᠨᠠᠷᠢᠯᠢᠬᠵᠢᠯ ᠢ ᠳᠡᠭᠡᠭᠰᠢᠯᠡᠭᠦᠯᠦᠨ᠎ᠡ᠃ ᠬᠤᠶᠠᠷ ᠲᠤ᠂ ᠦᠨᠡᠨᠴᠢ ᠢᠲᠡᠭᠡᠮᠵᠢ ᠶᠢᠨ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠡᠭᠦᠳᠦᠨ᠎ᠡ᠃ ᠭᠤᠷᠪᠠ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠷᠢᠭᠤᠨ ᠴᠡᠪᠡᠷ ᠴᠡᠪᠡᠷ ᠲᠡᠭᠰᠢ ᠲᠣᠰᠬᠤᠨ ᠢ ᠡᠭᠦᠳᠦᠨ ᠪᠠᠶᠢᠭᠤᠯᠤᠨ᠎ᠠ᠃ ᠲᠦᠷᠪᠡ ᠳᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃ ᠲᠠᠪᠤ ᠳᠤ᠂ ᠤᠯᠠᠭᠠᠨ ᠂ ᠰᠠᠭᠠᠷᠠᠯ᠂ ᠬᠠᠷ᠎ᠠ ᠰᠠᠮᠪᠠᠷ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠵᠢᠷᠭᠤᠭ᠎ᠠ ᠳᠤ᠂  ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠵᠤ᠂ ᠪᠣᠯᠪᠠᠰᠤᠨ ᠡᠶ᠎ᠡ ᠵᠣᠬᠢᠴᠠᠩᠭᠤᠢ ᠰᠢᠨ᠎ᠡ ᠰᠤᠷᠲᠠᠯ ᠢ ᠰᠠᠨᠠᠭᠠᠴᠢᠯᠠᠨ᠎ᠠ᠃      ᠰᠢᠩ ᠬᠤᠸᠠ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠶᠢᠨ ᠴᠢᠩ ᠴᠢᠩ      ᠸᠠᠩ ᠱᠦᠵᠢ ᠶᠢᠨ ᠶᠠᠷᠢᠶ᠎ᠠ ᠶᠢ ᠰᠣᠨᠣᠰᠤᠭᠠᠳ ᠪᠢ ᠶᠡᠬᠡᠳᠡ ᠵᠣᠷᠢᠭᠵᠢᠨ ᠰᠡᠩᠬᠡᠷᠡᠪᠡ᠃ ᠰᠢᠩ ᠬᠤᠸᠠ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠥᠷᠨᠢᠭᠦᠯᠬᠦ ᠲᠠᠯ᠎ᠠ ᠪᠠᠷ ᠲᠠᠰᠤᠷᠠᠯᠲᠠ ᠦᠭᠡᠶ ᠰᠢᠨ᠎ᠡ ᠶᠢ ᠡᠭᠦᠳᠦᠨ ᠳᠡᠰ ᠳᠡᠪᠰᠢᠵᠦ᠂ ︽ᠤᠯᠠᠭᠠᠨ ᠠᠨᠠᠷ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠵᠤ᠂ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠢᠯ ᠣᠯᠭᠤᠯᠲᠠ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠪᠡ ᠁ ︽356︾ ᠶᠢᠨ ᠬᠡᠷᠡᠭ ᠵᠥᠪᠯᠡᠬᠦ ᠬᠠᠤᠯᠢ ᠶᠢ ᠬᠡᠷᠡᠭᠵᠢᠭᠦᠯᠵᠦ᠂ ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠶᠢ ᠥᠷᠨᠢᠭᠦᠯᠵᠦ᠂ ᠤᠳᠤ ᠪᠣᠯᠲᠠᠯ᠎ᠠ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠲᠤᠰᠤᠨ ᠤᠲᠤᠭ᠎ᠠ ᠶᠢᠨ ᠠᠰᠠᠭᠤᠳᠠᠯ᠂ ᠪᠠᠭ᠎ᠠ ᠲᠣᠭᠤᠷᠢᠭ ᠤᠨ ᠵᠠᠮ ᠤᠨ ᠳ᠋ᠧᠩ᠂ ᠠᠭᠤᠳᠠᠮ ᠲᠠᠯᠠᠪᠠᠢ ᠶᠢᠨ ᠰᠡᠷᠢᠭᠦᠨ ᠲᠢᠩᠰᠡ ᠶᠢ ᠰᠡᠯᠪᠢᠨ ᠵᠠᠰᠠᠬᠤ᠂ ᠪᠠᠭ᠎ᠠ ᠲᠣᠭᠤᠷᠢᠭ ᠤᠨ ᠴᠠᠬᠢᠯᠭᠠᠨ ᠳᠡᠭᠡᠰᠦ ᠲᠠᠰᠤᠷᠠᠬᠤ ᠵᠡᠷᠭᠡ 13 ᠠᠰᠠᠭᠤᠳᠠᠯ ᠢ ᠰᠢᠢᠳᠪᠦᠷᠢᠯᠡᠵᠦ ᠥᠭᠴᠡᠢ᠃ ᠳᠠᠷᠠᠭᠠᠴᠢ ᠶᠢᠨ ᠠᠯᠬᠤᠮ ᠳᠤ᠂ ᠰᠢᠩ ᠬᠤᠸᠠ ᠨᠡᠶᠢᠭᠡᠮ ᠲᠣᠭᠤᠷᠢᠭ ᠤᠨ ᠬᠢᠨ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠵᠢᠴᠢ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃      ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠵᠢᠶᠠ ᠫᠧᠶ ᠱᠧᠩ      ᠪᠦᠭᠦᠳᠡ ᠬᠤᠷᠠᠯ ᠤᠨ ᠺᠠᠳ᠋ᠷ ᠢ ᠰᠣᠩᠭᠤᠨ ᠪᠤᠶᠢᠵᠢᠭᠤᠯᠬᠤ ᠶᠢ ᠰᠢᠯᠢᠳᠡᠭᠵᠢᠭᠦᠯᠬᠦ ᠳᠤ ᠲᠤᠰᠠᠲᠠᠢ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠡᠷᠬᠢᠯᠡᠭᠰᠡᠨ ᠲᠣᠭᠤᠷᠢᠨ ᠪᠠᠶᠢᠴᠠᠭᠠᠬᠤ ᠠᠵᠢᠯ ᠢ ᠦᠨᠳᠦᠰᠦᠨ ᠱᠠᠲᠤᠨ ᠳᠤ ᠤᠯᠠᠮ ᠴᠢᠨᠠᠭᠰᠢᠳᠠ ᠥᠷᠭᠡᠳᠬᠡᠨ ᠥᠷᠭᠡᠳᠬᠡᠵᠦ᠂ ᠺᠠᠳ᠋ᠷᠴᠤᠳ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠪᠣᠯᠤᠨ᠎ᠠ᠃ ᠠᠷᠠᠳ ᠤᠯᠠᠨ ᠳᠤ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢᠨ ᠰᠦᠷ ᠬᠦᠴᠦᠨ ᠢ ᠦᠨᠡᠨᠬᠦ ᠮᠡᠳᠡᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠨᠠᠮ ᠢ ᠵᠠᠰᠠᠬᠤ ᠡᠷᠡᠰ ᠪᠠᠲᠤ ᠵᠣᠷᠢᠭ ᠢ ᠮᠡᠳᠡᠷᠡᠭᠦᠯᠬᠦ ᠬᠡᠷᠡᠭᠲᠡᠢ᠃      ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠨ ᠭᠤᠸᠠᠩ      ᠸᠠᠩ ᠱᠦᠵᠢ ᠶᠢᠨ ᠶᠠᠷᠢᠶ᠎ᠠ ᠨᠢ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠴᠧᠩ ᠭᠤᠸᠠᠨ ᠪᠠᠯᠭᠠᠰᠤᠨ ᠤ ᠠᠵᠢᠯ ᠤᠨ ᠡᠭᠦᠷᠭᠡ ᠬᠦᠨᠳᠦ ᠪᠣᠯᠬᠤᠷ ᠪᠢᠳᠡ ᠤᠯᠤᠯᠴᠠᠭ᠎ᠠ ᠬᠠᠷᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠲᠠ ᠬᠤᠯᠪᠣᠯᠴᠠᠨ᠂ ᠬᠤᠲᠠ ᠶᠢᠨ ᠪᠣᠭᠤᠮᠲᠠ ᠶᠢᠨ ᠬᠥᠭᠵᠢᠯᠲᠡ ᠳᠤ ᠬᠠᠮᠲᠤ ᠪᠠᠷ ᠠᠰᠢᠭ ᠭᠥᠷᠳᠡᠬᠦ ᠨᠢ ᠯᠠᠪᠲᠠᠶ ᠶᠤᠮ᠃      ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠮᠠ ᠰᠢ      ᠸᠠᠩ ᠱᠦᠵᠢ ᠶᠢᠨ ᠶᠠᠷᠢᠶᠠᠨ ᠤ ᠭᠤᠣᠯ ᠰᠢᠵᠢᠮ ᠨᠢ ᠲᠣᠳᠣᠷᠬᠠᠢ ᠪᠠᠶᠢᠵᠤ᠂ ᠬᠥᠮᠦᠰ ᠤᠨ ᠰᠡᠳᠬᠢᠯ ᠢ ᠤᠷᠮᠠᠰᠢᠭᠤᠯᠤᠨ ᠵᠣᠷᠢᠭᠵᠢᠭᠤᠯᠵᠠᠢ᠃ ᠮᠠᠨ ᠤ ᠰᠢᠶᠠᠨ ᠤ ᠰᠤᠷᠭᠠᠨ ᠬᠥᠮᠦᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠠᠪᠤᠳᠠᠯ ᠢ ᠵᠠᠪᠠᠯᠪᠢᠳᠡ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠵᠡᠷᠭᠡ ᠳᠤ ᠪᠠᠰᠠ ᠴᠢ ᠾᠦᠢ ᠬᠡᠦᠬᠡᠳ ᠤᠨ ᠴᠡᠴᠡᠷᠯᠢᠭ᠂ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠣᠯᠤᠨ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠪᠣᠯᠤᠨ᠎ᠠ᠃ ︽ᠨᠠᠷᠠᠲᠤ ᠰᠣᠷᠣᠭᠴᠢ᠂ ᠨᠠᠷᠠᠲᠤ ᠪᠠᠭᠰᠢ᠂ ᠨᠡᠷ᠎ᠡ ᠠᠯᠳᠠᠷ︾ ᠢ ᠶᠡᠬᠡᠪᠡᠷ ᠬᠥᠮᠦᠵᠢᠭᠦᠯᠵᠦ᠂ ᠰᠢᠶᠠᠨ ᠤ ᠭᠠᠳᠠᠨᠠᠬᠢ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠵᠤ᠂ ᠰᠢᠶᠠᠨ ᠤ ᠳᠣᠲᠣᠷᠠᠬᠢ ᠰᠢᠯᠢᠳᠡᠭ ᠰᠣᠷᠣᠭᠴᠢ ᠶᠢᠨ ᠢᠷᠡᠯᠲᠡ ᠶᠢ ᠦᠯᠡᠳᠡᠭᠡᠵᠦ᠂ ᠴᠢᠳᠠᠪᠤᠷᠢᠲᠠᠨ ᠢᠶᠠᠷ ᠰᠢᠶᠠᠨ ᠢᠶᠠᠨ ᠬᠦᠴᠦᠷᠬᠡᠭᠵᠢᠭᠦᠯᠬᠦ᠂ ᠰᠣᠶᠣᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ᠂ ᠳᠠᠬᠢᠨ ᠬᠡᠷᠡᠯ ᠰᠠᠴᠤᠷᠠᠩᠭᠤᠶ ᠰᠢᠨ᠎ᠡ ᠡᠭᠦᠳᠦᠯᠲᠡ ᠶᠢ ᠠᠬᠢᠭᠤᠯᠬᠤ ᠶᠢ ᠠᠬᠢᠭᠤᠯᠤᠨ᠎ᠠ︕      ᠬᠤᠷᠠᠯ ᠳᠤ ᠣᠷᠣᠯᠴᠠᠭᠰᠠᠨ ᠪᠤᠰᠤᠳ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠰᠠ ᠥᠪᠡᠷ ᠥᠪᠡᠷ ᠤᠨ ᠠᠵᠢᠯ ᠤᠨ ᠬᠦᠷᠢᠶ᠎ᠡ ᠶᠢᠨ ᠢᠶᠠᠨ ᠲᠤᠬᠠᠢ ᠶᠠᠷᠢᠶ᠎ᠠ ᠲᠠᠯᠪᠢᠬᠤ ᠶᠢᠨ ᠬᠠᠮᠲᠤ ᠬᠤᠳᠠ ᠶᠢᠨ ᠪᠣᠭᠤᠮᠲᠠ ᠪᠠᠯᠭᠠᠰᠤ ᠶᠢᠨ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠴᠢᠭᠯᠡᠭᠦᠯᠬᠦ ᠴᠢᠨᠠᠷᠲᠠᠢ ᠵᠢᠯᠣᠭᠤᠳᠬᠤ ᠰᠠᠨᠠᠯ ᠳᠤᠷᠠᠳᠴᠠᠢ᠃      ᠪᠥᠬᠦᠳᠡ ᠬᠤᠷᠠᠯ ᠤᠨ ᠠᠭᠤᠯᠭ᠎ᠠ ᠵᠢᠴᠢ ᠰᠢᠶᠠᠩ ᠪᠠᠯᠭᠠᠰᠤᠨ ᠤ ᠠᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠬᠡᠳᠦᠨ ᠲᠠᠯ᠎ᠠ ᠠᠴᠠ ᠡᠬᠢᠯᠡᠨ ᠠᠳᠬᠤᠬᠤ ᠶᠢ ᠪᠢ ᠰᠠᠨᠠᠭᠤᠯᠤᠶ᠎ᠠ᠄ ᠨᠢᠭᠡ ᠳᠤ ᠵᠢᠱᠢᠶ᠎ᠡ ᠦᠵᠡᠭᠦᠯᠬᠦ ᠴᠡᠭ ᠤᠨ ᠪᠠᠶᠢᠭᠤᠯᠤᠯᠲᠠ ᠶᠢ ᠠᠳᠬᠤᠵᠤ᠂ ᠰᠢᠩ ᠬᠤᠸᠠ ᠨᠡᠶᠢᠭᠡᠮ ᠲᠣᠭᠤᠷᠢᠭ ᠤᠨ ︽ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ ᠠᠮᠤᠷ ᠲᠦᠪᠰᠢᠨ ᠤ ᠪᠠᠶᠢᠭᠤᠯᠤᠯᠲᠠ ᠶᠢ ᠠᠳᠬᠤᠵᠤ᠂ ᠡᠯ ᠲᠠᠢ ᠽᠢ ᠭᠠᠴᠠᠭᠠᠨ ᠤ ᠠᠷᠠᠳ ᠤᠨ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠠᠰᠠᠯᠲᠠ ᠶᠢᠨ ᠦᠷ᠎ᠡ ᠪᠦᠲᠦᠮᠵᠢ ᠶᠢ ᠳ᠋ᠦᠩᠨᠡᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠶᠡᠭᠡ ᠪᠠᠷ ᠤᠬᠠᠭᠤᠯᠤᠨ ᠳᠡᠯᠭᠡᠷᠡᠭᠦᠯᠪᠡ᠃ ᠭᠤᠷᠪᠠ ᠳᠤ᠂ ᠰᠢ ᠭᠤᠸᠠᠨ᠂ ᠡᠯ ᠲᠠᠢ ᠽᠢ ᠲᠣᠰᠬᠤᠨ ᠤ ᠠᠷᠠᠳ ᠤᠨ ᠵᠥᠪᠯᠡᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠢᠱᠢᠶ᠎ᠡ ᠦᠵᠡᠭᠦᠯᠬᠦ ᠲᠣᠰᠬᠤᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠲᠦᠷᠪᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠨ᠎ᠠ᠃ ᠲᠠᠪᠤ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ᠂ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ 12345 ᠵᠡᠷᠭᠡ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠰᠢᠨ᠎ᠡ ᠠᠷᠭ᠎ᠠ ᠵᠠᠮ ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠭ᠎ᠠ ᠶᠢ  ᠰᠢᠢᠳᠪᠦᠷᠢᠯᠡᠬᠦ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠰᠢᠢᠳᠪᠦᠷᠢᠯᠡᠵᠦ ᠪᠣᠯᠬᠤ ᠶᠢ ᠨᠢ ᠲᠡᠷᠡ ᠳᠠᠷᠤᠶ ᠳᠤᠨᠢ ᠰᠢᠢᠳᠪᠦᠷᠢᠯᠡᠬᠦ ᠬᠡᠷᠡᠭᠲᠡᠶ︔ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠲᠦᠷᠦᠯ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠵᠠᠮᠨᠠᠭᠤᠯᠬᠤ︔ ᠬᠦᠴᠢᠷ ᠲᠦᠪᠡᠭᠲᠡᠶ ᠡᠯᠳᠡᠪ ᠡᠪᠡᠳᠴᠢᠨ ᠢ ᠰᠢᠢᠳᠪᠦᠷᠢᠯᠡᠬᠦ ᠴᠠᠭ ᠬᠤᠭᠤᠴᠠᠭ᠎ᠠ ᠬᠡᠷᠡᠭᠰᠡᠬᠦ ᠶᠢ ᠨᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠠᠷᠢᠯᠭᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠣᠯᠠᠨ ᠲᠦᠮᠡᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠴᠢᠷᠮᠠᠶᠢᠨ  ᠰᠢᠢᠳᠪᠦᠷᠢᠯᠡᠬᠦ ᠬᠡᠷᠡᠭᠲᠡᠶ᠃ ᠵᠢᠷᠭᠤᠭ᠎ᠠ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠦᠯᠡᠳᠡᠭᠡᠬᠦ ᠬᠡᠷᠡᠭᠲᠡᠶ᠂ ᠴᠢᠳᠠᠪᠤᠷᠢᠲᠠᠨ ᠪᠣᠯ ᠮᠠᠨᠳᠤᠯ ᠬᠥᠭᠵᠢᠯ ᠢ ᠲᠦᠯᠬᠢᠨ ᠠᠬᠢᠭᠤᠯᠬᠤ ᠶᠢᠨ ᠵᠠᠩᠭᠢᠯᠠᠭ᠎ᠠ ᠶᠢᠨ ᠬᠦᠴᠦᠨ ᠵᠦᠢᠯ ᠮᠥᠨ᠂ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠤ ᠳᠠᠷᠠᠭᠠᠬᠢ ᠮᠥᠷᠳᠡᠨ ᠦᠢᠯᠡᠴᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠣᠷᠣᠨ ᠰᠠᠭᠤᠴᠠ᠂ ᠡᠪᠡᠳᠴᠢᠨ ᠦᠵᠡᠭᠦᠯᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠴᠢᠳᠠᠪᠤᠷᠢᠲᠠᠨ ᠤ ᠡᠩᠨᠡᠭᠡ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠤᠯᠠᠨ ᠢᠶᠠᠷ ᠢᠶᠠᠨ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠶᠢᠨ ᠶᠠᠷᠢᠶ᠎ᠠ ᠨᠢ ᠲᠤᠭ ᠲᠡᠮᠳᠡᠭ ᠲᠣᠳᠣᠷᠬᠠᠢ᠂ ᠦᠨᠡᠨ ᠠᠴᠠ ᠵᠥᠪ ᠢ ᠡᠷᠢᠵᠦ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ ᠭᠡᠵᠦ ᠰᠠᠨᠠᠯ ᠨᠢᠭᠡᠲᠡᠢ ᠦᠵᠡᠪᠡ᠃ ︽ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ︵ᠶᠠᠷᠢᠯᠴᠠᠬᠤ ᠡᠬᠡ ᠨᠣᠤᠷᠠᠭ︶︾ ᠳᠤ ᠡᠯᠪᠡᠭ ᠪᠠᠶᠠᠯᠢᠭ ᠠᠭᠤᠯᠤᠭᠳᠠᠬᠤᠨ ᠲᠠᠢ᠂ ᠭᠦᠨ ᠭᠦᠨᠵᠡᠭᠡᠶ ᠤᠳᠬ᠎ᠠ ᠠᠭᠤᠯᠭ᠎ᠠ ᠲᠠᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠳᠠᠭ᠃ ᠤᠯᠠᠨ ᠢᠶᠠᠷ ᠢᠶᠠᠨ᠂ ᠬᠤᠷᠠᠯ ᠤᠨ ᠳᠠᠷᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ ᠭᠡᠵᠦ ᠢᠯᠡᠳᠬᠡᠵᠡᠭᠡᠪᠡ᠃ ᠡᠭᠦᠨ ᠤ ᠬᠠᠮᠲᠤ ᠰᠢᠶᠠᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠠᠵᠢᠯ ᠢ ᠰᠥᠨᠢᠵᠢᠨ ᠬᠢᠬᠦ ᠦᠭᠡᠢ᠂ ᠳᠠᠷᠦ᠋ᠢᠬᠠᠨ ᠬᠢᠬᠦ ᠰᠤᠷᠲᠠᠯ ᠪᠣᠯᠤᠨ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠡᠷᠴᠢ ᠵᠣᠷᠢᠭ ᠢᠶᠠᠷ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠶᠡᠬᠡᠪᠡᠷ ᠠᠬᠢᠭᠤᠯᠵᠤ᠂ ᠰᠢᠩ ᠡᡁᠧ ᠰᠢᠶᠠᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︕                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3