ᠰᠢᠩ ᠾᠧ ᠰᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠬᠢᠨ ᠡᠭᠦᠳᠬᠦ ᠶᠢ | ᠬᠦᠴᠦᠯᠡᠨ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 29 ᠤ ᠡᠳᠦᠷ᠂ ᠰᠢᠶᠠᠨ ᠤ ᠵᠠᠰᠠᠭ ᠤᠨ ᠣᠷᠳᠣᠨ | 2023 ᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠲᠣᠮᠢᠯᠠᠬᠤ ᠭᠡᠷ᠎ᠡ | ᠲᠣᠭᠲᠠᠬᠤ ᠶᠣᠰᠣᠯᠠᠯ ᠶᠠᠪᠤᠭᠤᠯᠪᠠ᠃ ᠬᠠᠤᠯᠢ ᠴᠠᠭᠠᠵᠠ ᠶᠢᠨ ᠲᠤᠪᠴᠢᠶ᠎ᠡ᠂ ᠬᠤᠶᠠᠷ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠵᠢᠴᠢ 9 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠭᠠᠷ ᠤᠨ | ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | | | ᠶᠣᠰᠣᠯᠠᠯ ᠳᠡᠭᠡᠷ᠎ᠡ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ | ᠲᠣᠰ ᠤᠨ ᠠᠵᠢᠯᠲᠠᠨ ᠤ ᠲᠣᠬᠢᠷᠠᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢᠶᠠᠨ | ᠲᠠᠨᠢᠯᠴᠠᠭᠤᠯᠤᠭᠰᠠᠨ ᠪᠥᠭᠡᠳ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠡᠯ᠎ᠡ | ᠰᠢᠶᠠᠩ ᠪᠠᠯᠭᠠᠰᠤᠨ ᠳᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ ᠬᠤᠶᠠᠷ ᠲᠠᠯ᠎ᠠ ᠪᠠᠷ ᠢᠶᠠᠨ | ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠤᠯᠠᠮ ᠴᠢᠨᠠᠭᠰᠢᠳᠠ ᠲᠣᠳᠣᠷᠬᠠᠶᠢᠯᠠᠬᠤ ᠲᠤᠬᠠᠢ ᠰᠠᠨᠠᠯ ᠢᠶᠠᠨ | ᠰᠣᠯᠢᠯᠴᠠᠬᠤ ᠶᠠᠷᠢᠯᠴᠠᠬᠤ ᠬᠤᠷᠠᠯ ᠥᠷᠨᠢᠭᠦᠯᠵᠦ᠂ ᠭᠡᠷ᠎ᠡ ᠲᠣᠭᠲᠠᠬᠤ ᠶᠣᠰᠣᠯᠠᠯ ᠶᠠᠪᠤᠭᠤᠯᠵᠠᠢ᠃ | ᠲᠣᠰ ᠤᠳᠠᠭᠠᠨ ᠤ ᠭᠡᠷ᠎ᠡ ᠲᠣᠭᠲᠠᠭᠰᠠᠨ ᠨᠢ ᠬᠠᠤᠯᠢ ᠴᠠᠭᠠᠵᠠ ᠶᠢᠨ ᠡᠬᠢ ᠪᠠᠶᠠᠯᠢᠭ ᠢ ᠰᠢᠶᠠᠩ ᠪᠠᠯᠭᠠᠰᠤᠨ ᠳᠤ | ᠪᠠᠭᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠪᠠ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ | ᠴᠢᠩᠭᠠᠳᠬᠠᠨ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ︽ᠡᠴᠦᠰ ᠤᠨ ᠨᠢᠭᠡ ᠺᠢᠯᠣᠮᠧᠲᠷ | ︾ ᠬᠦᠷᠲᠡᠯ᠎ᠡ ᠤᠷᠲᠤᠳᠬᠠᠵᠤ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠳᠤ ᠠᠰᠢᠭᠲᠠᠶ ᠶᠤᠮ᠃ ᠡᠭᠦᠨ ᠤ ᠵᠡᠷᠭᠡ ᠳᠤ ᠵᠠᠰᠠᠭ ᠤᠨ ᠣᠷᠳᠣᠨ ᠤ ᠬᠠᠤᠯᠢ | ᠶᠣᠰᠣᠭᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ | ᠶᠡᠭᠡ ᠬᠤᠪᠢ ᠨᠡᠮᠡᠷᠢ ᠦᠵᠡᠭᠦᠯᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |