7 ᠳ᠋ᠤᠭᠠᠷ ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠳᠥᠷᠪᠡᠳᠦᠭᠡᠷ ᠳᠡᠰ ᠤᠨ ᠬᠠᠮᠲᠤ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠰᠢᠩ ᠾᠧ ᠰᠢᠶᠠᠨ ᠳᠤ ᠶᠠᠪᠤᠭᠳᠠᠪᠠ᠃ | | | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠦ᠋ ᠬᠤᠩ ᠸᠧᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠭᠦᠸᠧ ᠵᠠᠨ ᠵᠢᠶᠠᠩ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠵᠢᠶᠦ᠋ᠨ᠂ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | | | ᠦ᠋ ᠬᠤᠩ ᠸᠧᠶ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠭᠤᠷᠠᠶ ᠲᠠᠷᠢᠶᠠᠯᠠᠭ᠎ᠠ ᠶᠢᠨ | ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤ ᠪᠠᠷ ᠬᠠᠮᠲᠤ ᠪᠠᠷ ᠪᠠᠶᠢᠭᠤᠯᠬᠤ ᠪᠣᠯ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ | ᠬᠡᠮᠵᠢᠶ᠎ᠡ ᠮᠥᠨ᠃ ᠡᠨᠡᠬᠦ ᠠᠵᠢᠯ ᠢ ᠰᠠᠶᠢᠲᠤᠷ ᠥᠷᠨᠢᠭᠦᠯᠬᠦ ᠳᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ | ᠬᠠᠭᠤᠷᠠᠢ ᠭᠠᠵᠠᠷ ᠲᠤ ᠳᠤᠬᠢᠷᠠᠬᠤ ᠪᠦᠳᠦᠬᠡᠨ ᠪᠠᠶᠢᠭᠤᠯᠤᠯᠲᠠ ᠶᠢᠨ ᠵᠠᠭᠪᠤᠷ ᠢ ᠰᠠᠶᠢᠲᠤᠷ ᠰᠣᠩᠭᠤᠵᠤ᠂ ᠲᠤᠰ ᠭᠠᠵᠠᠷ | ᠣᠷᠣᠨ ᠤ ᠭᠠᠩ ᠬᠠᠭᠤᠷᠠᠢ ᠪᠣᠷᠣᠭᠠᠨ ᠪᠠᠭ᠎ᠠ ᠵᠡᠷᠭᠡ ᠭᠤᠣᠯ ᠬᠢᠵᠠᠭᠠᠷᠯᠠᠬᠤ ᠡᠯᠧᠮᠧᠨ᠋ᠲ ᠲᠤ ᠴᠢᠭᠯᠡᠭᠦᠯᠦᠨ᠂ ︽ᠴᠤᠭᠯᠠᠭᠤᠯᠬᠤ | ᠂ ᠬᠠᠳᠠᠭᠠᠯᠠᠬᠤ᠂ ᠨᠥᠬᠦᠪᠥᠷᠢᠯᠡᠬᠦ᠂ ᠠᠷᠪᠢᠯᠠᠬᠤ᠂ ᠭᠠᠳᠠᠭᠰᠢᠯᠠᠭᠤᠯᠬᠤ︾ ᠲᠠᠪᠤᠨ ᠲᠦᠷᠦᠯ ᠤᠨ ᠢᠨᠵᠧᠨᠧᠷᠢᠩ ᠤᠨ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠬᠤᠷ᠎ᠠ ᠲᠤᠨᠳᠠᠰᠤ ᠬᠠᠳᠠᠭᠠᠯᠠᠬᠤ ᠨᠤᠷᠮ᠎ᠠ ᠪᠣᠯᠤᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠵᠦ᠂ ︽ᠨᠢᠭᠡ ᠤᠰᠤ ᠠᠷᠪᠠᠨ ᠵᠦᠭ︾ ᠵᠡᠷᠭᠡ ᠪᠠᠴᠢᠮ ᠪᠠᠶᠢᠳᠠᠯ ᠢ ᠠᠷᠭᠠᠴᠠᠬᠤ ᠤᠰᠤᠯᠠᠯᠲᠠ ᠶᠢᠨ ᠠᠷᠭ᠎ᠠ | ᠬᠡᠯᠪᠡᠷᠢ ᠪᠠᠷ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠦᠷᠡᠵᠢᠯ ᠤᠨ ᠬᠤᠭᠤᠴᠠᠭᠠᠨ ᠳᠠᠬᠢ ᠭᠠᠩ ᠬᠠᠭᠰᠠᠷᠠᠭᠠᠨ ᠤ | ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠨᠠᠮᠳᠠᠭᠤᠯᠬᠤ ᠬᠡᠷᠡᠭᠲᠡᠢ᠃ ᠳᠥᠷᠪᠡᠨ ᠱᠠᠲᠤᠨ ᠤ ᠬᠠᠮᠲᠤᠷᠠᠨ ᠬᠥᠳᠡᠯᠦᠯᠴᠡᠬᠦ | ᠠᠵᠢᠯ ᠤᠨ ᠵᠠᠭᠪᠤᠷ ᠢ ᠰᠠᠶᠢᠲᠤᠷ ᠬᠡᠷᠡᠭᠯᠡᠬᠦ ᠬᠡᠷᠡᠭᠲᠡᠶ᠃ ᠡᠯ᠎ᠡ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ | ᠰᠢᠩᠭᠡᠭᠡᠨ ᠠᠪᠴᠤ᠂ ᠢᠯᠡᠭᠦᠬᠡᠨ ᠭᠠᠷᠴᠤ ᠰᠤᠷᠤᠯᠴᠠᠨ᠂ ᠤᠷᠢᠵᠤ ᠠᠪᠴᠢᠷᠠᠨ ᠵᠢᠭᠠᠯᠭᠠᠵᠤ᠂ ᠪᠤᠰᠤᠳ ᠭᠠᠵᠠᠷ ᠣᠷᠣᠨ ᠤ | ᠦᠢᠯᠡᠳᠦᠯᠭᠡ ᠶᠢᠨ ᠠᠮᠵᠢᠯᠲᠠ ᠣᠯᠤᠭᠰᠠᠨ ᠠᠷᠭ᠎ᠠ ᠬᠢᠳᠡᠯ ᠢ ᠲᠤᠷᠰᠢᠯᠲᠠ ᠶᠢᠨ ᠴᠡᠭ ᠲᠤ ᠬᠡᠷᠡᠭᠯᠡᠬᠦ ᠬᠡᠷᠡᠭᠲᠡᠶ᠃ | ᠲᠤᠷᠰᠢᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠷᠰᠢᠯᠲᠠ ᠶᠢᠨ | ᠴᠢᠬ ᠤᠨ ᠲᠥᠷᠥᠯ ᠵᠦᠢᠯ ᠤᠨ ᠲᠣᠭᠤᠷᠢᠭ ᠢ ᠲᠥᠯᠥᠭᠡᠯᠡᠬᠦ ᠴᠢᠨᠠᠷᠲᠠᠶ ᠬᠡᠰᠡᠭ ᠭᠠᠵᠠᠷ ᠲᠤ ᠰᠣᠩᠭᠤᠵᠤ᠂ ᠡᠯ᠎ᠡ ᠲᠥᠷᠥᠯ ᠤᠨ | ᠠᠰᠢᠭ ᠥᠬᠡᠶ ᠬᠦᠴᠦᠨ ᠵᠦᠢᠯ ᠤᠨ ᠨᠥᠯᠥᠭᠡᠯᠡᠬᠦ ᠬᠡᠮᠵᠢᠶ᠎ᠡ ᠶᠢ ᠵᠠᠳᠠᠯᠤᠨ ᠲᠣᠳᠣᠷᠬᠠᠶᠢᠯᠠᠵᠤ᠂ ᠪᠣᠳᠠᠲᠠᠶ ᠬᠡᠮᠵᠢᠭᠰᠡᠨ ᠲᠤᠭ᠎ᠠ | ᠪᠠᠷᠢᠮᠲᠠ ᠪᠠᠷ ᠰᠠᠭᠤᠷᠢ ᠪᠣᠯᠭᠠᠨ ᠲᠤᠷᠰᠢᠯᠲᠠ ᠶᠢᠨ ᠳ᠋ᠦᠩᠨᠡᠯᠲᠡ ᠶᠢ ᠲᠦᠷᠭᠡᠬᠡᠨ ᠭᠠᠷᠭᠠᠬᠤ ᠬᠡᠷᠡᠭᠲᠡᠶ᠃ | ᠭᠦᠸᠧ ᠵᠠᠨ ᠵᠢᠶᠠᠩ ᠶᠠᠷᠢᠶᠠᠨ ᠳᠠᠭᠠᠨ᠂ ᠬᠠᠭᠤᠷᠠᠢ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠬᠡᠨ ᠪᠠᠶᠢᠭᠤᠯᠤᠯᠲᠠ ᠶᠢᠨ ︽ᠥᠪᠥᠷ ᠮᠣᠩᠭᠤᠯ ᠤᠨ ᠦᠯᠢᠭᠡᠷ ᠳᠠᠭᠤᠷᠢᠶᠠᠯ︾ ᠢ ᠪᠤᠢ ᠪᠣᠯᠭᠠᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠪᠦᠬᠦ ᠰᠢᠰᠲ᠋ᠧᠮ ᠤᠨ ᠬᠦᠴᠦᠨ ᠢᠶᠠᠷ | ᠲᠦᠷᠪᠡᠨ ᠱᠠᠲᠤᠨ ᠤ ᠬᠠᠮᠲᠤ ᠶᠢᠨ ᠪᠦᠳᠦᠬᠡᠨ ᠪᠠᠶᠢᠭᠤᠯᠤᠯᠲᠠ ᠶᠢ ᠪᠣᠳᠠᠲᠠᠢ ᠠᠳᠬᠤᠵᠤ ᠨᠠᠷᠢᠯᠢᠭ ᠠᠳᠬᠤᠵᠤ ᠦᠷ᠎ᠡ | ᠪᠦᠲᠦᠮᠵᠢ ᠭᠠᠷᠭᠠᠨ᠎ᠠ ᠭᠡᠵᠦ ᠵᠢᠭᠠᠵᠤ ᠭᠠᠷᠭᠠᠪᠠ᠃ ᠬᠠᠮᠲᠤᠪᠠᠷ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠠᠵᠢᠯᠳᠠᠨ᠂ | ᠮᠡᠷᠭᠡᠵᠢᠯ᠂ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ᠂ ᠠᠳᠠᠯᠢ ᠪᠤᠰᠤ ᠲᠡᠰ ᠳᠠᠪᠬᠤᠷᠭ᠎ᠠ ᠶᠢᠨ ᠡᠬᠢ ᠪᠠᠶᠠᠯᠢᠭ ᠢ | ᠨᠡᠶᠢᠯᠡᠭᠦᠯᠵᠦ᠂ ᠵᠢᠱᠢᠶ᠎ᠡ ᠦᠵᠡᠭᠦᠯᠵᠦ ᠰᠢᠨ᠎ᠡ ᠶᠢ ᠡᠭᠦᠳᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ | ᠲᠤᠷᠰᠢᠯᠲᠠ ᠶᠢᠨ ᠵᠢᠱᠢᠶ᠎ᠡ ᠦᠵᠡᠭᠦᠯᠬᠦ ᠡᠯ᠎ᠡ ᠲᠠᠯ᠎ᠠ ᠶᠢᠨ ᠴᠢᠬᠤᠯᠠ ᠪᠦᠬᠦᠢ ᠬᠡᠷᠡᠭᠴᠡᠭᠡ ᠶᠢ ᠬᠠᠩᠭᠠᠵᠤ᠂ ᠲᠤᠷᠰᠢᠯᠲᠠ ᠶᠢᠨ | ᠵᠢᠱᠢᠶ᠎ᠡ ᠦᠵᠡᠭᠦᠯᠬᠦ ᠵᠦᠢᠯᠡᠰ ᠤᠨ ᠭᠠᠵᠠᠷ᠂ ᠪᠠᠷᠢᠯᠭ᠎ᠠ ᠶᠢᠨ ᠠᠵᠢᠯᠳᠠᠨ᠂ ᠲᠥᠬᠦᠭᠡᠷᠦᠮᠵᠢ ᠲᠥᠬᠦᠭᠡᠷᠦᠮᠵᠢ ᠪᠠ ᠠᠵᠢᠯ ᠤᠨ | ᠵᠠᠷᠤᠳᠠᠯ ᠢ ᠬᠠᠩᠭᠠᠬᠤ ᠬᠡᠷᠡᠭᠲᠡᠶ᠃ ᠲᠤᠷᠰᠢᠯᠲᠠ ᠶᠢᠨ ᠵᠢᠱᠢᠶ᠎ᠡ ᠦᠵᠡᠭᠦᠯᠬᠦ ᠳᠤ ᠴᠡᠭ ᠢᠶᠠᠷ ᠨᠡᠶᠢᠳᠡᠮ ᠢ ᠲᠠᠶᠢᠴᠢᠯᠠᠵᠤ᠂ | ᠱᠠᠳᠤ ᠱᠠᠳᠤ ᠪᠠᠷ ᠠᠬᠢᠭᠤᠯᠵᠤ᠂ ᠰᠢᠯᠢᠨ ᠰᠣᠩᠭᠤᠭᠰᠠᠨ ᠮᠡᠷᠭᠡᠵᠢᠯ ᠪᠣᠯᠤᠨ ᠵᠠᠭᠪᠤᠷ ᠢ ᠡᠷᠲᠡ ᠠᠴᠠ ᠬᠡᠷᠡᠭᠯᠡᠵᠦ᠂ | ᠬᠡᠷᠡᠭᠯᠡᠬᠦ ᠶᠢ ᠪᠦᠬᠦᠨ ᠢ ᠬᠡᠷᠡᠭᠯᠡᠵᠦ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠣᠭᠤᠷᠢᠭ ᠢ ᠬᠠᠭᠤᠷᠠᠢ | ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠯᠢᠬᠡᠷ ᠵᠢᠱᠢᠶ᠎ᠡ ᠪᠣᠯᠭᠠᠬᠤ ᠬᠡᠷᠡᠭᠲᠡᠢ᠃ | ᠯᠢ ᠵᠢᠶᠠᠨ ᠵᠢᠶᠦ᠋ᠨ ᠶᠠᠷᠢᠶᠠᠨ ᠳᠠᠭᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠦᠴᠦᠲᠡᠶ ᠳᠡᠮᠵᠢᠯᠭᠡ ᠳᠣᠣᠷ᠎ᠠ᠂ ᠤᠯᠠᠭᠠᠨᠴᠠᠪ ᠬᠤᠲᠠ ︽ | ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠳᠦᠭᠡᠷ ᠳᠡᠰ ᠤᠨ ᠬᠠᠮᠲᠤ ᠪᠠᠷ ᠪᠦᠲᠦᠭᠡᠨ | ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ︾ ᠠᠵᠢᠯ ᠢ ᠡᠬᠢᠯᠡᠭᠦᠯᠵᠦ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ᠂ | ᠰᠢᠨ᠎ᠡ ᠵᠠᠮ ᠢ ᠨᠡᠭᠡᠭᠡᠬᠦ᠂ ᠥᠭᠡᠷᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠭᠤᠷᠠᠶ ᠭᠠᠵᠠᠷ ᠤᠨ ᠳᠠᠯᠳᠠ ᠬᠦᠴᠦᠨ ᠢ | ᠠᠭᠤᠳᠠᠯᠬᠤ ᠪᠠᠷ ᠳᠠᠮᠵᠢᠭᠤᠯᠤᠨ᠂ ᠬᠠᠭᠤᠷᠠᠶ ᠭᠠᠵᠠᠷ ᠤᠨ ᠬᠥᠷᠥᠰᠥᠨ ᠳᠤ ᠪᠣᠷᠳᠣᠭᠤᠷ ᠣᠷᠣᠭᠤᠯᠬᠤ ᠪᠠᠷᠢᠮᠵᠢᠶ᠎ᠠ ᠨᠢ | ᠲᠣᠳᠣᠷᠬᠠᠶ ᠥᠬᠡᠶ᠂ ᠲᠠᠷᠢᠮᠠᠯ ᠤᠨ ᠲᠥᠷᠥᠯ ᠵᠦᠢᠯ ᠨᠢ ᠲᠣᠳᠣᠷᠬᠠᠶ ᠥᠬᠡᠶ ᠵᠡᠷᠭᠡ ᠠᠰᠠᠭᠤᠳᠠᠯ ᠢ ᠬᠠᠨᠳᠤᠯᠭᠠᠲᠤ | ᠴᠢᠨᠠᠷᠲᠠᠶ ᠪᠠᠷ ᠰᠢᠢᠳᠪᠦᠷᠢᠯᠡᠵᠦ᠂ ᠲᠥᠷᠥᠯ ᠵᠦᠢᠯ ᠤᠨ ᠣᠷᠣᠨ ᠤ ᠬᠠᠭᠤᠷᠠᠶ ᠭᠠᠵᠠᠷ ᠤᠨ ᠰᠠᠭᠤᠷᠢ ᠲᠥᠬᠦᠭᠡᠷᠦᠮᠵᠢ᠂ | ᠲᠠᠷᠢᠶᠠᠨ ᠭᠠᠵᠠᠷ ᠤᠨ ᠶᠠᠰᠤ ᠴᠢᠨᠠᠷ ᠵᠡᠷᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠠᠭᠤᠷᠠᠶ ᠭᠠᠵᠠᠷ ᠤᠨ | ᠲᠠᠷᠢᠶᠠᠯᠠᠩ ᠤᠨ ᠮᠡᠷᠭᠡᠵᠢᠯ ᠤᠨ ᠪᠦᠷᠢᠨ ᠪᠦᠲᠦᠨ ᠰᠢᠰᠲ᠋ᠧᠮ ᠢ ᠲᠦᠷᠭᠡᠪᠴᠢᠯᠡᠨ ᠪᠦᠷᠢᠯᠳᠦᠭᠦᠯᠬᠦ ᠳᠤ ᠠᠰᠢᠭᠲᠠᠶ ᠶᠤᠮ᠃ | ᠯᠢ ᠺᠠᠶ ᠳ᠋ᠦᠩ᠂ ᠰᠢᠩ ᠾᠧ ᠰᠢᠶᠠᠨ ᠤ ᠬᠢᠨ ︽ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠳᠥᠷᠪᠡᠨ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠵᠢᠱᠢᠶ᠎ᠡ ᠦᠵᠡᠭᠦᠯᠬᠦ ᠴᠡᠭ︾ ᠪᠣᠯᠤᠭᠰᠠᠨ ᠤ | ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠭᠦᠢᠴᠡᠳᠭᠡᠬᠦ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ | ᠠᠩᠬᠠᠷᠤᠯ ᠢᠶᠠᠨ ᠲᠥᠪᠯᠡᠷᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠭᠠᠵᠤ᠂ ᠠᠵᠢᠯ ᠤᠨ ᠲᠥᠰᠦᠯ ᠢᠶᠠᠨ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠬᠠᠭᠤᠷᠠᠶ ᠲᠠᠷᠢᠶᠠᠯᠠᠭ᠎ᠠ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ | ᠠᠬᠢᠭᠤᠯᠤᠨ᠎ᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠦ᠋ ᠬᠤᠩ ᠸᠧᠶ᠂ ᠭᠦᠸᠧ ᠵᠠᠨ ᠵᠢᠶᠠᠩ᠂ ᠯᠢ ᠵᠢᠶᠠᠨ ᠵᠢᠶᠦ᠋ᠨ ᠵᠢᠴᠢ ᠰᠢᠩ | ᠾᠧ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠰ ᠲᠣᠰ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠤᠷᠰᠢᠯᠲᠠ ᠶᠢᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠨ ᠲᠠᠯ᠎ᠠ ᠶᠢ ᠲᠥᠯᠥᠭᠡᠯᠡᠨ᠂ | ᠲᠤᠬᠠᠶ ᠶᠢᠨ ᠲᠠᠯᠠᠪᠤᠷ ᠲᠤ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠷᠰᠢᠯᠲᠠ ᠶᠢᠨ | ᠵᠢᠱᠢᠶ᠎ᠡ ᠦᠵᠡᠭᠦᠯᠬᠦ ᠣᠷᠣᠨ ᠢ ᠬᠠᠮᠲᠤ ᠪᠠᠷ ᠪᠠᠶᠢᠭᠤᠯᠬᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ | ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |