ᠰᠢᠶᠠᠨ ᠤ ᠵᠠᠰᠠᠭ ᠤᠨ ᠣᠷᠳᠣᠨ 2023 ᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠲᠣᠮᠢᠯᠠᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/3
     ᠰᠢᠩ ᠾᠧ ᠰᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠬᠢᠨ ᠡᠭᠦᠳᠬᠦ ᠶᠢ ᠬᠦᠴᠦᠯᠡᠨ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 29 ᠤ ᠡᠳᠦᠷ᠂ ᠰᠢᠶᠠᠨ ᠤ ᠵᠠᠰᠠᠭ ᠤᠨ ᠣᠷᠳᠣᠨ 2023 ᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠲᠣᠮᠢᠯᠠᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠠᠤᠯᠢ ᠴᠠᠭᠠᠵᠠ ᠶᠢᠨ ᠲᠤᠪᠴᠢᠶ᠎ᠡ᠂ ᠬᠤᠶᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ 9 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
     ᠶᠣᠰᠣᠯᠠᠯ ᠳᠡᠭᠡᠷ᠎ᠡ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠤᠨ ᠠᠵᠢᠯᠲᠠᠨ ᠤ ᠲᠣᠬᠢᠷᠠᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠡᠯ᠎ᠡ ᠰᠢᠶᠠᠩ ᠪᠠᠯᠭᠠᠰᠤᠨ ᠳᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ ᠬᠤᠶᠠᠷ ᠲᠠᠯ᠎ᠠ ᠪᠠᠷ ᠢᠶᠠᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠤᠯᠠᠮ ᠴᠢᠨᠠᠭᠰᠢᠳᠠ ᠲᠣᠳᠣᠷᠬᠠᠶᠢᠯᠠᠬᠤ ᠲᠤᠬᠠᠢ ᠰᠠᠨᠠᠯ ᠢᠶᠠᠨ ᠰᠣᠯᠢᠯᠴᠠᠬᠤ ᠶᠠᠷᠢᠯᠴᠠᠬᠤ ᠬᠤᠷᠠᠯ ᠥᠷᠨᠢᠭᠦᠯᠵᠦ᠂ ᠭᠡᠷ᠎ᠡ ᠲᠣᠭᠲᠠᠬᠤ ᠶᠣᠰᠣᠯᠠᠯ ᠶᠠᠪᠤᠭᠤᠯᠵᠠᠢ᠃      ᠲᠣᠰ ᠤᠳᠠᠭᠠᠨ ᠤ ᠭᠡᠷ᠎ᠡ ᠲᠣᠭᠲᠠᠭᠰᠠᠨ ᠨᠢ ᠬᠠᠤᠯᠢ ᠴᠠᠭᠠᠵᠠ ᠶᠢᠨ ᠡᠬᠢ ᠪᠠᠶᠠᠯᠢᠭ ᠢ ᠰᠢᠶᠠᠩ ᠪᠠᠯᠭᠠᠰᠤᠨ ᠳᠤ ᠪᠠᠭᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠪᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠴᠢᠩᠭᠠᠳᠬᠠᠨ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ︽ᠡᠴᠦᠰ ᠤᠨ ᠨᠢᠭᠡ ᠺᠢᠯᠣᠮᠧᠲᠷ ︾ ᠬᠦᠷᠲᠡᠯ᠎ᠡ ᠤᠷᠲᠤᠳᠬᠠᠵᠤ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠠᠰᠢᠭᠲᠠᠶ ᠶᠤᠮ᠃ ᠡᠭᠦᠨ ᠤ ᠵᠡᠷᠭᠡ ᠳᠤ ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3