ᠤᠯᠠᠭᠠᠨᠴᠠᠪ ᠬᠤᠲᠠ ᠶᠢᠨ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠳᠡᠰ ᠤᠨ ᠬᠠᠮᠲᠤ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠰᠢᠩ ᠾᠧ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/7/3
     7 ᠳ᠋ᠤᠭᠠᠷ ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠳᠡᠰ ᠤᠨ ᠬᠠᠮᠲᠤ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠰᠢᠩ ᠾᠧ ᠰᠢᠶᠠᠨ ᠳᠤ ᠶᠠᠪᠤᠭᠳᠠᠪᠠ᠃
     ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠦ᠋ ᠬᠤᠩ ᠸᠧᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠶ ᠢᠦᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠦ᠋ ᠬᠤᠩ ᠸᠧᠶ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠭᠤᠷᠠᠶ ᠲᠠᠷᠢᠶᠠᠯᠠᠭ᠎ᠠ ᠶᠢᠨ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤ ᠪᠠᠷ ᠬᠠᠮᠲᠤ ᠪᠠᠷ ᠪᠠᠶᠢᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠡᠨᠡᠬᠦ ᠠᠵᠢᠯ ᠢ ᠰᠠᠶᠢᠲᠤᠷ ᠥᠷᠨᠢᠭᠦᠯᠬᠦ ᠳᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠭᠤᠷᠠᠢ ᠭᠠᠵᠠᠷ ᠲᠤ ᠳᠤᠬᠢᠷᠠᠬᠤ ᠪᠦᠳᠦᠬᠡᠨ ᠪᠠᠶᠢᠭᠤᠯᠤᠯᠲᠠ ᠶᠢᠨ ᠵᠠᠭᠪᠤᠷ ᠢ ᠰᠠᠶᠢᠲᠤᠷ ᠰᠣᠩᠭᠤᠵᠤ᠂ ᠲᠤᠰ ᠭᠠᠵᠠᠷ ᠣᠷᠣᠨ ᠤ ᠭᠠᠩ ᠬᠠᠭᠤᠷᠠᠢ ᠪᠣᠷᠣᠭᠠᠨ ᠪᠠᠭ᠎ᠠ ᠵᠡᠷᠭᠡ ᠭᠤᠣᠯ ᠬᠢᠵᠠᠭᠠᠷᠯᠠᠬᠤ ᠡᠯᠧᠮᠧᠨ᠋ᠲ ᠲᠤ ᠴᠢᠭᠯᠡᠭᠦᠯᠦᠨ᠂ ︽ᠴᠤᠭᠯᠠᠭᠤᠯᠬᠤ ᠂ ᠬᠠᠳᠠᠭᠠᠯᠠᠬᠤ᠂ ᠨᠥᠬᠦᠪᠥᠷᠢᠯᠡᠬᠦ᠂ ᠠᠷᠪᠢᠯᠠᠬᠤ᠂ ᠭᠠᠳᠠᠭᠰᠢᠯᠠᠭᠤᠯᠬᠤ︾ ᠲᠠᠪᠤᠨ ᠲᠦᠷᠦᠯ ᠤᠨ ᠢᠨᠵᠧᠨᠧᠷᠢᠩ ᠤᠨ ᠠᠷᠭ᠎ᠠ  ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠬᠤᠷ᠎ᠠ ᠲᠤᠨᠳᠠᠰᠤ ᠬᠠᠳᠠᠭᠠᠯᠠᠬᠤ ᠨᠤᠷᠮ᠎ᠠ ᠪᠣᠯᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ︽ᠨᠢᠭᠡ ᠤᠰᠤ ᠠᠷᠪᠠᠨ ᠵᠦᠭ︾ ᠵᠡᠷᠭᠡ ᠪᠠᠴᠢᠮ ᠪᠠᠶᠢᠳᠠᠯ ᠢ ᠠᠷᠭᠠᠴᠠᠬᠤ ᠤᠰᠤᠯᠠᠯᠲᠠ ᠶᠢᠨ ᠠᠷᠭ᠎ᠠ ᠬᠡᠯᠪᠡᠷᠢ ᠪᠠᠷ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠦᠷᠡᠵᠢᠯ ᠤᠨ ᠬᠤᠭᠤᠴᠠᠭᠠᠨ ᠳᠠᠬᠢ ᠭᠠᠩ ᠬᠠᠭᠰᠠᠷᠠᠭᠠᠨ ᠤ ᠬᠥᠨᠥᠭᠡᠯ ᠢ ᠬᠠᠮᠤᠭ ᠤᠨ ᠶᠡᠭᠡ  ᠬᠡᠮᠵᠢᠶ᠎ᠡ ᠪᠠᠷ ᠨᠠᠮᠳᠠᠭᠤᠯᠬᠤ ᠬᠡᠷᠡᠭᠲᠡᠢ᠃ ᠳᠥᠷᠪᠡᠨ ᠱᠠᠲᠤᠨ ᠤ ᠬᠠᠮᠲᠤᠷᠠᠨ ᠬᠥᠳᠡᠯᠦᠯᠴᠡᠬᠦ ᠠᠵᠢᠯ ᠤᠨ ᠵᠠᠭᠪᠤᠷ ᠢ ᠰᠠᠶᠢᠲᠤᠷ ᠬᠡᠷᠡᠭᠯᠡᠬᠦ ᠬᠡᠷᠡᠭᠲᠡᠶ᠃ ᠡᠯ᠎ᠡ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠰᠢᠩᠭᠡᠭᠡᠨ ᠠᠪᠴᠤ᠂ ᠢᠯᠡᠭᠦᠬᠡᠨ ᠭᠠᠷᠴᠤ ᠰᠤᠷᠤᠯᠴᠠᠨ᠂ ᠤᠷᠢᠵᠤ ᠠᠪᠴᠢᠷᠠᠨ ᠵᠢᠭᠠᠯᠭᠠᠵᠤ᠂ ᠪᠤᠰᠤᠳ ᠭᠠᠵᠠᠷ ᠣᠷᠣᠨ ᠤ ᠦᠢᠯᠡᠳᠦᠯᠭᠡ ᠶᠢᠨ ᠠᠮᠵᠢᠯᠲᠠ ᠣᠯᠤᠭᠰᠠᠨ ᠠᠷᠭ᠎ᠠ ᠬᠢᠳᠡᠯ ᠢ ᠲᠤᠷᠰᠢᠯᠲᠠ ᠶᠢᠨ ᠴᠡᠭ ᠲᠤ ᠬᠡᠷᠡᠭᠯᠡᠬᠦ ᠬᠡᠷᠡᠭᠲᠡᠶ᠃ ᠲᠤᠷᠰᠢᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠷᠰᠢᠯᠲᠠ ᠶᠢᠨ ᠴᠢᠬ ᠤᠨ ᠲᠥᠷᠥᠯ ᠵᠦᠢᠯ ᠤᠨ ᠲᠣᠭᠤᠷᠢᠭ ᠢ ᠲᠥᠯᠥᠭᠡᠯᠡᠬᠦ ᠴᠢᠨᠠᠷᠲᠠᠶ ᠬᠡᠰᠡᠭ ᠭᠠᠵᠠᠷ ᠲᠤ ᠰᠣᠩᠭᠤᠵᠤ᠂ ᠡᠯ᠎ᠡ ᠲᠥᠷᠥᠯ ᠤᠨ ᠠᠰᠢᠭ ᠥᠬᠡᠶ ᠬᠦᠴᠦᠨ  ᠵᠦᠢᠯ ᠤᠨ ᠨᠥᠯᠥᠭᠡᠯᠡᠬᠦ ᠬᠡᠮᠵᠢᠶ᠎ᠡ ᠶᠢ ᠵᠠᠳᠠᠯᠤᠨ ᠲᠣᠳᠣᠷᠬᠠᠶᠢᠯᠠᠵᠤ᠂ ᠪᠣᠳᠠᠲᠠᠶ ᠬᠡᠮᠵᠢᠭᠰᠡᠨ ᠲᠤᠭ᠎ᠠ ᠪᠠᠷᠢᠮᠲᠠ ᠪᠠᠷ ᠰᠠᠭᠤᠷᠢ ᠪᠣᠯᠭᠠᠨ ᠲᠤᠷᠰᠢᠯᠲᠠ ᠶᠢᠨ ᠳ᠋ᠦᠩᠨᠡᠯᠲᠡ ᠶᠢ ᠲᠦᠷᠭᠡᠬᠡᠨ ᠭᠠᠷᠭᠠᠬᠤ ᠬᠡᠷᠡᠭᠲᠡᠶ᠃      ᠭᠦᠸᠧ ᠵᠠᠨ ᠵᠢᠶᠠᠩ ᠶᠠᠷᠢᠶᠠᠨ ᠳᠠᠭᠠᠨ᠂ ᠬᠠᠭᠤᠷᠠᠢ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ︽ᠥᠪᠥᠷ ᠮᠣᠩᠭᠤᠯ ᠤᠨ ᠦᠯᠢᠭᠡᠷ ᠳᠠᠭᠤᠷᠢᠶᠠᠯ︾ ᠢ ᠪᠤᠢ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠪᠦᠬᠦ ᠰᠢᠰᠲ᠋ᠧᠮ ᠤᠨ ᠬᠦᠴᠦᠨ ᠢᠶᠠᠷ ᠲᠦᠷᠪᠡᠨ ᠱᠠᠲᠤᠨ ᠤ ᠬᠠᠮᠲᠤ ᠶᠢᠨ ᠪᠦᠳᠦᠬᠡᠨ ᠪᠠᠶᠢᠭᠤᠯᠤᠯᠲᠠ ᠶᠢ ᠪᠣᠳᠠᠲᠠᠢ ᠠᠳᠬᠤᠵᠤ ᠨᠠᠷᠢᠯᠢᠭ ᠠᠳᠬᠤᠵᠤ ᠦᠷ᠎ᠡ ᠪᠦᠲᠦᠮᠵᠢ ᠭᠠᠷᠭᠠᠨ᠎ᠠ ᠭᠡᠵᠦ ᠵᠢᠭᠠᠵᠤ ᠭᠠᠷᠭᠠᠪᠠ᠃ ᠬᠠᠮᠲᠤᠪᠠᠷ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠠᠵᠢᠯᠳᠠᠨ᠂ ᠮᠡᠷᠭᠡᠵᠢᠯ᠂ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ᠂ ᠠᠳᠠᠯᠢ ᠪᠤᠰᠤ ᠲᠡᠰ ᠳᠠᠪᠬᠤᠷᠭ᠎ᠠ ᠶᠢᠨ ᠡᠬᠢ ᠪᠠᠶᠠᠯᠢᠭ ᠢ ᠨᠡᠶᠢᠯᠡᠭᠦᠯᠵᠦ᠂  ᠵᠢᠱᠢᠶ᠎ᠡ ᠦᠵᠡᠭᠦᠯᠵᠦ ᠰᠢᠨ᠎ᠡ ᠶᠢ ᠡᠭᠦᠳᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠵᠢᠱᠢᠶ᠎ᠡ ᠦᠵᠡᠭᠦᠯᠬᠦ ᠡᠯ᠎ᠡ ᠲᠠᠯ᠎ᠠ ᠶᠢᠨ ᠴᠢᠬᠤᠯᠠ ᠪᠦᠬᠦᠢ ᠬᠡᠷᠡᠭᠴᠡᠭᠡ ᠶᠢ ᠬᠠᠩᠭᠠᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠵᠦᠢᠯᠡᠰ ᠤᠨ ᠭᠠᠵᠠᠷ᠂ ᠪᠠᠷᠢᠯᠭ᠎ᠠ ᠶᠢᠨ ᠠᠵᠢᠯᠳᠠᠨ᠂ ᠲᠥᠬᠦᠭᠡᠷᠦᠮᠵᠢ ᠲᠥᠬᠦᠭᠡᠷᠦᠮᠵᠢ ᠪᠠ ᠠᠵᠢᠯ ᠤᠨ ᠵᠠᠷᠤᠳᠠᠯ ᠢ ᠬᠠᠩᠭᠠᠬᠤ ᠬᠡᠷᠡᠭᠲᠡᠶ᠃ ᠲᠤᠷᠰᠢᠯᠲᠠ ᠶᠢᠨ  ᠵᠢᠱᠢᠶ᠎ᠡ ᠦᠵᠡᠭᠦᠯᠬᠦ ᠳᠤ ᠴᠡᠭ ᠢᠶᠠᠷ ᠨᠡᠶᠢᠳᠡᠮ ᠢ ᠲᠠᠶᠢᠴᠢᠯᠠᠵᠤ᠂ ᠱᠠᠳᠤ ᠱᠠᠳᠤ ᠪᠠᠷ ᠠᠬᠢᠭᠤᠯᠵᠤ᠂ ᠰᠢᠯᠢᠨ ᠰᠣᠩᠭᠤᠭᠰᠠᠨ ᠮᠡᠷᠭᠡᠵᠢᠯ ᠪᠣᠯᠤᠨ ᠵᠠᠭᠪᠤᠷ ᠢ ᠡᠷᠲᠡ ᠠᠴᠠ ᠬᠡᠷᠡᠭᠯᠡᠵᠦ᠂ ᠬᠡᠷᠡᠭᠯᠡᠬᠦ ᠶᠢ ᠪᠦᠬᠦᠨ ᠢ ᠬᠡᠷᠡᠭᠯᠡᠵᠦ᠂ ᠲᠤᠷᠰᠢᠯᠲᠠ ᠶᠢᠨ  ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠣᠭᠤᠷᠢᠭ ᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠯᠢᠬᠡᠷ ᠵᠢᠱᠢᠶ᠎ᠡ ᠪᠣᠯᠭᠠᠬᠤ ᠬᠡᠷᠡᠭᠲᠡᠢ᠃      ᠯᠢ ᠵᠢᠶᠠᠨ ᠵᠢᠶᠦ᠋ᠨ ᠶᠠᠷᠢᠶᠠᠨ ᠳᠠᠭᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠦᠴᠦᠲᠡᠶ ᠳᠡᠮᠵᠢᠯᠭᠡ ᠳᠣᠣᠷ᠎ᠠ᠂ ᠤᠯᠠᠭᠠᠨᠴᠠᠪ ᠬᠤᠲᠠ ︽ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠳᠦᠭᠡᠷ ᠳᠡᠰ ᠤᠨ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ︾ ᠠᠵᠢᠯ ᠢ ᠡᠬᠢᠯᠡᠭᠦᠯᠵᠦ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ᠂ ᠰᠢᠨ᠎ᠡ ᠵᠠᠮ ᠢ ᠨᠡᠭᠡᠭᠡᠬᠦ᠂ ᠥᠭᠡᠷᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠭᠤᠷᠠᠶ ᠭᠠᠵᠠᠷ ᠤᠨ ᠳᠠᠯᠳᠠ ᠬᠦᠴᠦᠨ ᠢ ᠠᠭᠤᠳᠠᠯᠬᠤ ᠪᠠᠷ ᠳᠠᠮᠵᠢᠭᠤᠯᠤᠨ᠂ ᠬᠠᠭᠤᠷᠠᠶ ᠭᠠᠵᠠᠷ ᠤᠨ ᠬᠥᠷᠥᠰᠥᠨ ᠳᠤ ᠪᠣᠷᠳᠣᠭᠤᠷ ᠣᠷᠣᠭᠤᠯᠬᠤ ᠪᠠᠷᠢᠮᠵᠢᠶ᠎ᠠ ᠨᠢ ᠲᠣᠳᠣᠷᠬᠠᠶ ᠥᠬᠡᠶ᠂ ᠲᠠᠷᠢᠮᠠᠯ ᠤᠨ ᠲᠥᠷᠥᠯ ᠵᠦᠢᠯ ᠨᠢ ᠲᠣᠳᠣᠷᠬᠠᠶ ᠥᠬᠡᠶ ᠵᠡᠷᠭᠡ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠵᠦ᠂ ᠲᠥᠷᠥᠯ ᠵᠦᠢᠯ ᠤᠨ ᠣᠷᠣᠨ ᠤ ᠬᠠᠭᠤᠷᠠᠶ ᠭᠠᠵᠠᠷ ᠤᠨ ᠰᠠᠭᠤᠷᠢ ᠲᠥᠬᠦᠭᠡᠷᠦᠮᠵᠢ᠂ ᠲᠠᠷᠢᠶᠠᠨ ᠭᠠᠵᠠᠷ ᠤᠨ ᠶᠠᠰᠤ ᠴᠢᠨᠠᠷ ᠵᠡᠷᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠠᠭᠤᠷᠠᠶ ᠭᠠᠵᠠᠷ ᠤᠨ ᠲᠠᠷᠢᠶᠠᠯᠠᠩ ᠤᠨ ᠮᠡᠷᠭᠡᠵᠢᠯ ᠤᠨ ᠪᠦᠷᠢᠨ ᠪᠦᠲᠦᠨ ᠰᠢᠰᠲ᠋ᠧᠮ ᠢ ᠲᠦᠷᠭᠡᠪᠴᠢᠯᠡᠨ ᠪᠦᠷᠢᠯᠳᠦᠭᠦᠯᠬᠦ ᠳᠤ ᠠᠰᠢᠭᠲᠠᠶ ᠶᠤᠮ᠃      ᠯᠢ ᠺᠠᠶ ᠳ᠋ᠦᠩ᠂ ᠰᠢᠩ ᠾᠧ ᠰᠢᠶᠠᠨ ᠤ ᠬᠢᠨ ︽ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠵᠢᠱᠢᠶ᠎ᠡ ᠦᠵᠡᠭᠦᠯᠬᠦ ᠴᠡᠭ︾ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠭᠦᠢᠴᠡᠳᠭᠡᠬᠦ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠭᠠᠵᠤ᠂ ᠠᠵᠢᠯ ᠤᠨ ᠲᠥᠰᠦᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠦ᠋ ᠬᠤᠩ ᠸᠧᠶ᠂ ᠭᠦᠸᠧ ᠵᠠᠨ ᠵᠢᠶᠠᠩ᠂ ᠯᠢ ᠵᠢᠶᠠᠨ ᠵᠢᠶᠦ᠋ᠨ ᠵᠢᠴᠢ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠰ ᠲᠣᠰ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠤᠷᠰᠢᠯᠲᠠ ᠶᠢᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠨ ᠲᠠᠯ᠎ᠠ ᠶᠢ ᠲᠥᠯᠥᠭᠡᠯᠡᠨ᠂ ᠲᠤᠬᠠᠶ ᠶᠢᠨ ᠲᠠᠯᠠᠪᠤᠷ ᠲᠤ ᠬᠠᠭᠤᠷᠠᠶ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠬᠠᠮᠲᠤ ᠪᠠᠷ ᠪᠠᠶᠢᠭᠤᠯᠬᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3