ᠦᠢᠯᠡᠰ ᠴᠣᠭᠴᠠᠯᠠᠬᠤ  ᠦᠢᠯᠡᠴᠢᠯᠡᠭᠡᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/7/3
    ᠴᠠᠭ    2023-07-03    ᠬᠦᠨᠳᠦᠲᠦ ᠵᠣᠴᠢᠨ    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ  ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ  ᠱᠦᠸᠧ  ᠷᠦᠩ    ᠲᠣᠪᠴᠢᠯᠠᠯ    ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠱᠦᠸᠧ ᠷᠦᠩ ᠢ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠲᠡᠷᠡ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠬᠦ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠨ᠎ᠠ᠃    ᠦᠰᠦᠭ ᠪᠢᠴᠢᠭ ᠤᠨ ᠪᠣᠳᠠᠲᠤ ᠲᠡᠮᠳᠡᠭᠯᠡᠯ    ᠬᠥᠲᠥᠯᠥᠭᠴᠢ 2023 — 07 — 03 10᠄ 00    ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠦᠦ︕ ᠲᠤᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ︕ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠱᠦᠸᠧ ᠷᠦᠩ ᠢ ᠤᠷᠢᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠲᠡᠷᠡ ᠠᠳᠠᠯ ᠦᠢᠯᠡᠰ ᠴᠣᠭᠴᠠᠯᠠᠬᠤ  ᠦᠢᠯᠡᠴᠢᠯᠡᠭᠡᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠬᠦ ᠶᠢᠨ ᠬᠠᠮᠲᠤ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠨ᠎ᠠ᠃    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ  ᠱᠦᠸᠧ ᠷᠦᠩ 2023 — 07 — 03 10᠄ 00    ᠬᠥᠲᠥᠯᠥᠭᠴᠢ ᠰᠠᠶᠢᠨ  ᠦᠦ︕ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕ ᠥᠨᠥᠳᠦᠷ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠭᠡᠬᠦ ᠲᠠᠪᠴᠠᠩ ᠢᠶᠠᠷ ᠳᠠᠮᠵᠢᠭᠤᠯᠤᠨ ᠤᠯᠠᠨ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠲᠤᠩ ᠪᠠᠶᠠᠷ ᠲᠠᠢ ᠪᠠᠶᠢᠨ᠎ᠠ᠃    ᠬᠥᠲᠥᠯᠥᠭᠴᠢ 2023 — 07 — 03 10᠄ 00    2021 ᠣᠨ ᠳᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ︿ᠮᠠ ᠯᠠᠨ ᠬᠤᠸᠠ ᠲᠥᠯᠥᠪᠯᠡᠭᠡ﹀ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠬᠢᠳᠠᠯ ︹ 2021 ︺ 98 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠣᠯ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠪᠢᠳᠡ ᠮᠡᠳᠡᠨ᠎ᠡ᠂ ᠲᠠ ᠰᠦᠯᠵᠢᠶᠡᠨ ᠤ ᠠᠨᠳᠠ ᠨᠠᠷ ᠲᠤ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ  ᠦᠦ︖    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠱᠦᠸᠧ ᠷᠦᠩ 2023 — 07 — 03 10᠄ 03    ᠡᠩ ᠲᠡᠷᠢᠭᠦᠨ ᠳᠤ ᠣᠯᠠᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠤᠬᠠᠭᠳᠠᠬᠤᠨ ᠢ ᠲᠠᠨᠢᠯᠴᠠᠭᠤᠯᠤᠶ᠎ᠠ᠄ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠣᠯ ᠬᠥᠳᠡᠯᠮᠦᠷᠢᠴᠢᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠤᠶᠢᠵᠢᠭᠤᠯᠬᠤ᠂ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠬᠤᠪᠢ ᠬᠥᠮᠦᠨ ᠤ ᠬᠥᠭᠵᠢᠯᠲᠡ ᠶᠢ ᠪᠡᠶᠡᠯᠡᠭᠦᠯᠬᠦ ᠪᠠ ᠲᠣᠰ ᠪᠡᠶ᠎ᠡ ᠶᠢᠨ ᠥᠷᠲᠡᠭ ᠢᠶᠠᠨ ᠡᠭᠦᠳᠬᠦ ᠶᠢᠨ ᠴᠢᠬᠤᠯᠠ ᠠᠷᠭ᠎ᠠ ᠵᠠᠮ ᠮᠥᠨ᠂ ᠬᠥᠳᠡᠯᠮᠦᠷᠢᠴᠢᠳ ᠤᠨ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠬᠦ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠳᠥᠯᠭᠢᠨ ᠠᠬᠢᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠮᠥᠨ︔ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠬᠡᠪ ᠴᠢᠨᠠᠷ ᠢ ᠬᠥᠮᠦᠵᠢᠭᠦᠯᠬᠦ᠂ ᠡᠭᠦᠳᠦᠨ ᠡᠷᠭᠢᠯᠡᠬᠦ ᠠᠵᠤ ᠠᠬᠤᠶᠢᠯᠠᠯ ᠪᠠ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢᠨ ᠪᠣᠯᠪᠠᠰᠤᠷᠠᠭᠤᠯᠤᠯ ᠢ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠭᠤᠤᠯ ᠠᠭᠤᠯᠭ᠎ᠠ ᠪᠣᠯᠭᠠᠨ᠎ᠠ᠂ ᠡᠭᠦᠨ ᠳᠤ᠄ ᠠᠳᠠᠯ ᠦᠢᠯᠡᠰ ᠴᠣᠭᠴᠠᠯᠠᠬᠤ ᠦᠵᠡᠯ ᠤᠬᠠᠮᠰᠠᠷ ᠤᠨ ᠪᠣᠯᠪᠠᠰᠤᠷᠠᠭᠤᠯᠤᠯ᠂ ᠡᠭᠦᠳᠦᠨ ᠡᠷᠭᠢᠯᠡᠬᠦ ᠠᠵᠤ ᠠᠬᠤᠶᠢᠯᠠᠯ ᠤᠨ ᠪᠣᠯᠪᠠᠰᠤᠷᠠᠭᠤᠯᠤᠯ᠂ ᠠᠳᠠᠯ  ᠦᠢᠯᠡᠰ ᠴᠣᠭᠴᠠᠯᠠᠬᠤ ᠳᠠᠭᠤᠷᠢᠶᠠᠮᠠᠯ ᠳᠠᠳᠤᠯᠭ᠎ᠠ ᠪᠣᠯᠪᠠᠰᠤᠷᠠᠭᠤᠯᠤᠯ᠂ ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠰᠠᠶᠢᠵᠢᠷᠠᠭᠤᠯᠬᠤ᠂ ᠲᠣᠤᠷ ᠰᠦᠯᠵᠢᠶ᠎ᠡ ᠪᠠᠷ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠᠭᠲᠠᠨ᠎ᠠ᠃    ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠬᠠᠮᠲᠤᠯᠢᠭ ᠤᠨ ᠬᠦᠷᠢᠶ᠎ᠡ ᠬᠡᠪᠴᠢᠶ᠎ᠡ ᠨᠢ ᠭᠤᠤᠯᠳᠠᠭᠤ᠄ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠪᠠ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠴᠢᠳ ᠲᠤ ᠬᠠᠨᠳᠤᠭᠤᠯᠤᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ ᠲᠤ ᠭᠤᠣᠯᠳᠠᠯᠭ᠎ᠠ ᠲᠠᠢ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ᠂ ᠬᠤᠲᠠ ᠬᠥᠳᠡᠭᠡ ᠳᠤ ᠦᠷᠭᠦᠯᠵᠢᠯᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠦᠭᠡᠶ᠂ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠢᠨ ᠰᠤᠷᠤᠭᠴᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠰᠣᠷᠣᠭᠴᠢ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠳ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠨ᠂ ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠬᠤ ᠭᠡᠵᠦ ᠪᠠᠶᠢᠭ᠎ᠠ ᠬᠥᠮᠦᠰ ᠵᠡᠷᠭᠡ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠥᠷᠨᠢᠭᠦᠯᠦᠨ᠎ᠡ᠃ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠥᠷᠢ ᠣᠯᠭᠤᠬᠤ ᠬᠡᠷᠡᠭᠲᠡᠶ᠃    ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠢᠳᠡ ᠬᠥᠳᠡᠯᠮᠦᠷᠢᠴᠢᠳ ᠲᠤ ᠠᠳᠠᠯ ᠦᠢᠯᠡᠰ ᠴᠣᠭᠴᠠᠯᠠᠬᠤ ᠲᠠᠨᠢᠨ ᠮᠡᠳᠡᠬᠦᠶ ᠶᠢᠨ ᠱᠠᠲᠤᠨ ᠳᠤ ᠱᠠᠭᠠᠷᠳᠠᠭᠳᠠᠬᠤ ᠦᠨᠳᠦᠰᠦᠨ ᠮᠡᠳᠡᠯᠭᠡ ᠶᠢ ᠡᠵᠡᠮᠰᠢᠭᠦᠯᠵᠦ ᠂ ᠠᠳᠠᠯ ᠦᠢᠯᠡᠰ ᠴᠣᠭᠴᠠᠯᠠᠬᠤ ᠠᠳᠠᠯᠢ ᠪᠤᠰᠤ ᠱᠠᠲᠤᠨ ᠤ ᠬᠥᠭᠵᠢᠯᠲᠡ ᠶᠢᠨ ᠬᠦᠴᠦᠨ ᠵᠦᠢᠯ ᠪᠠ ᠠᠵᠤ ᠠᠬᠤᠶᠢᠯᠠᠯ ᠤᠨ ᠠᠭᠤᠯᠤᠭᠳᠠᠬᠤᠨ ᠢ ᠣᠶᠢᠯᠠᠭᠠᠭᠤᠯᠤᠨ᠎ᠠ︔ ᠠᠳᠠᠯ ᠪᠣᠰᠬᠠᠭᠴᠢᠳ ᠤᠨ ᠪᠠᠶᠢᠪᠠᠰᠤ ᠵᠣᠬᠢᠬᠤ ᠬᠡᠪ ᠴᠢᠨᠠᠷ ᠪᠠ ᠴᠢᠳᠠᠪᠤᠷᠢ ᠶᠢ ᠲᠠᠨᠢᠨ ᠮᠡᠳᠡᠵᠦ᠂ ᠥᠪᠡᠷ ᠤᠨ ᠠᠳᠠᠯ ᠪᠣᠰᠬᠠᠬᠤ ᠴᠢᠳᠠᠪᠤᠷᠢ ᠪᠠ ᠠᠳᠠᠯ ᠪᠣᠰᠬᠠᠬᠤ ᠡᠬᠢ ᠪᠠᠶᠠᠯᠢᠭ ᠢᠶᠠᠨ ᠪᠤᠰᠤᠳᠴᠢ ᠪᠠᠷ ᠦᠨᠡᠯᠡᠨ᠎ᠡ︔ ᠠᠳᠠᠯ ᠪᠣᠰᠬᠠᠬᠤ ᠲᠥᠷᠥᠯ ᠵᠦᠢᠯ ᠢ ᠢᠯᠡᠷᠡᠭᠦᠯᠬᠦ ᠪᠠ ᠰᠢᠯᠢᠨ ᠰᠣᠩᠭᠤᠬᠤ ᠠᠷᠭ᠎ᠠ ᠶᠢ ᠬᠡᠷᠡᠭᠯᠡᠨ᠂ ᠬᠤᠳᠠᠯᠳᠤᠭᠠᠨ ᠤ ᠲᠣᠬᠢᠶᠠᠯ ᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠥᠪᠡᠷ ᠤᠨ ᠪᠡᠶ᠎ᠡ ᠳᠡᠭᠡᠨ ᠳᠣᠭᠢᠷᠬᠠᠰᠠᠨ ᠠᠳᠠᠯ ᠪᠣᠰᠬᠠᠬᠤ ᠲᠥᠷᠥᠯ ᠵᠦᠢᠯ ᠢ ᠪᠣᠢ ᠪᠣᠯᠭᠠᠬᠤ ᠪᠠ ᠰᠢᠯᠢᠨ ᠰᠣᠩᠭᠤᠵᠤ ᠴᠢᠳᠠᠨ᠎ᠠ︔ ᠰᠤᠷᠤᠭᠴᠢᠳ ᠤᠨ ᠠᠳᠠᠯ ᠦᠢᠯᠡᠰ ᠴᠣᠭᠴᠠᠯᠠᠬᠤ ᠦᠵᠡᠯ ᠤᠬᠠᠮᠰᠠᠷ ᠂ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠶ ᠵᠢᠴᠢ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠬᠥᠮᠦᠵᠢᠭᠦᠯᠦᠨ᠎ᠡ᠃    ᠬᠥᠲᠥᠯᠥᠭᠴᠢ 2023 — 07 — 03 10᠄ 03    ᠰᠠᠶ᠋ᠢᠬᠠᠨ ᠲᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠲᠠᠨᠢᠯᠴᠠᠭᠤᠯᠤᠭᠰᠠᠨ ᠨᠢ ᠠᠳᠠᠯ ᠦᠢᠯᠡᠰ ᠴᠣᠭᠴᠠᠯᠠᠭᠴᠢ ᠶᠢᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ ᠨᠢ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠳᠤ ᠢᠳᠡᠪᠬᠢᠲᠡᠶ ᠦᠢᠯᠡᠳᠦᠯ ᠦᠵᠡᠭᠦᠯᠵᠦ ᠪᠠᠶᠢᠨ᠎ᠠ᠃ ᠮᠠᠨ ᠤ ᠮᠡᠳᠡᠭᠡᠵᠢ ᠪᠠᠷ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠣᠯ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠳᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠨᠢᠭᠡ ᠵᠦᠢᠯ ᠤᠨ ᠲᠥᠷᠥ ᠶᠢᠨ ᠪᠣᠳᠣᠯᠭ᠎ᠠ ᠮᠥᠨ᠂ ᠲᠠ ᠰᠦᠯᠵᠢᠶᠡᠨ ᠤ ᠠᠨᠳᠠ ᠨᠠᠷ ᠲᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠤᠯ ᠪᠣᠯᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠱᠦᠸᠧ ᠷᠦᠩ 2023 — 07 — 03 10᠄ 06    ᠡᠩ ᠲᠡᠷᠢᠭᠦᠨ ᠳᠤ ᠣᠯᠠᠨ ᠳᠤ ᠠᠳᠠᠯ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠤᠬᠠᠭᠳᠠᠬᠤᠨ ᠢ ᠲᠠᠨᠢᠯᠴᠠᠭᠤᠯᠤᠶ᠎ᠠ᠄ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠣᠯ ᠵᠠᠰᠠᠭ ᠤᠨ ᠣᠷᠳᠣᠨ ᠠᠴᠠ ᠪᠠᠯᠠ ᠮᠥᠩᠭᠦ ᠭᠠᠷᠭᠠᠬᠤ ᠪᠠᠷ ᠳᠡᠮᠵᠢᠨ ᠳᠠᠭᠠᠭᠠᠯᠲᠠ ᠶᠢᠨ ᠰᠠᠭᠤᠷᠢ ᠮᠥᠩᠭᠦ ᠪᠠᠶᠢᠭᠤᠯᠵᠤ᠂ ᠳᠠᠭᠠᠭᠠᠯᠲᠠ ᠶᠢᠨ ᠪᠠᠶᠢᠭᠤᠯᠤᠮᠵᠢ ᠳᠤ ᠨᠠᠶᠢᠳᠠᠨ ᠵᠢᠭᠡᠯᠡᠯᠭᠡ ᠶᠢᠨ ᠳᠠᠭᠠᠭᠠᠯᠲᠠ ᠬᠠᠩᠭᠠᠯᠭᠠᠵᠤ᠂ ᠭᠠᠷᠲᠠᠨ  ᠭᠦᠢᠴᠡᠳᠭᠡᠬᠦ ᠬᠤᠳᠠᠯᠳᠤᠭᠠᠨ ᠤ ᠪᠠᠩᠬᠢ ᠠᠴᠠ ᠵᠢᠭᠡᠯᠡᠯᠭᠡ ᠲᠠᠯᠪᠢᠵᠤ᠂ ᠡᠳ᠋ ᠤᠨ ᠵᠠᠰᠠᠭ ᠠᠴᠠ ᠵᠣᠬᠢᠬᠤ ᠵᠢᠭᠡᠯᠡᠯᠭᠡ ᠶᠢᠨ ᠬᠦᠤ ᠮᠥᠩᠭᠦ ᠶᠢᠨ ᠨᠥᠬᠦᠪᠥᠷᠢ ᠥᠭᠴᠦ᠂ ᠠᠳᠠᠯ ᠦᠢᠯᠡᠰ ᠴᠣᠭᠴᠠᠯᠠᠭᠴᠢ ᠪᠠ ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ ᠬᠥᠩᠭᠡᠯᠡᠨ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠥᠪᠡᠷ ᠢᠶᠠᠨ ᠠᠵᠢᠯ ᠡᠷᠢᠬᠦ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠢᠭᠡ ᠵᠦᠢᠯ ᠤᠨ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠪᠣᠯᠤᠨ᠎ᠠ᠃ ᠲᠡᠭᠦᠨ ᠤ ᠲᠠᠷᠬᠠᠭᠠᠬᠤ ᠲᠠᠰ ᠳᠠᠷᠠᠭᠠᠯᠠᠯ ᠨᠢ᠄ ᠵᠣᠭᠤᠰ ᠵᠢᠭᠡᠯᠡᠭᠴᠢ ᠲᠣᠭᠲᠠᠭᠠᠯ ᠶᠣᠰᠣᠭᠠᠷ ᠭᠤᠶᠤᠴᠢᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠵᠣᠭᠤᠰ ᠵᠢᠭᠡᠯᠡᠭᠴᠢ ᠶᠢᠨ ᠬᠢᠷᠢ ᠬᠡᠮ ᠢ ᠬᠢᠨᠠᠨ ᠬᠠᠷᠭᠤᠭᠤᠯᠵᠤ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠡᠵᠡᠩᠨᠡᠯᠲᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠶᠢᠴᠠᠭᠠᠯᠲᠠ ᠬᠢᠵᠦ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢ ᠬᠢᠨᠠᠨ ᠬᠠᠷᠭᠤᠭᠤᠯᠵᠤ ᠵᠢᠭᠡᠯᠡᠯᠭᠡ ᠲᠠᠯᠪᠢᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠳᠠᠮ ᠬᠦᠤ ᠥᠭᠬᠦ ᠶᠠᠪᠤᠴᠠ ᠪᠠᠷ  ᠭᠦᠢᠴᠡᠳᠭᠡᠨ᠎ᠡ᠃    ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠬᠤᠪᠢ ᠬᠥᠮᠦᠨ ᠤ ᠵᠢᠭᠡᠯᠡᠯᠭᠡ ᠪᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠭᠡᠵᠦ ᠬᠤᠪᠢᠶᠠᠨ᠎ᠠ᠃ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠣᠯᠭᠤᠬᠤ ᠡᠲᠡᠭᠡᠳ ᠤᠨ ᠬᠦᠷᠢᠶ᠎ᠡ ᠬᠡᠪᠴᠢᠶ᠎ᠡ ᠨᠢ᠄ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠨ ᠴᠡᠷᠢᠭ ᠠᠴᠠ ᠬᠠᠯᠠᠭᠳᠠᠭᠰᠠᠨ ᠬᠥᠮᠦᠰ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠤᠷᠤᠭᠴᠢᠳ ᠪᠠᠭᠲᠠᠨ᠎ᠠ︶᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠦᠯᠵᠢᠶ᠎ᠡ ᠶᠢᠨ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠃ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠲᠡᠭᠡᠳ ᠤᠨ ᠬᠡᠪᠴᠢᠶ᠎ᠡ ᠨᠢ᠄ ᠵᠢᠵᠢᠭ ᠪᠢᠴᠢᠯ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠦᠰ ᠤᠨ ᠬᠥᠮᠦᠨ ᠤ ᠲᠤᠭ᠎ᠠ ᠨᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 15% ᠳᠤ ᠬᠦᠷᠴᠦ ︵100 ᠬᠥᠮᠦᠨ ᠠᠴᠠ ᠳᠠᠪᠠᠭᠰᠠᠨ ᠠᠵᠤ ᠠᠬᠤᠶᠢᠯᠠᠯ 8% ᠳᠤ ᠬᠥᠷᠪᠡ︶᠂ ᠡᠭᠦᠨ ᠤ ᠬᠠᠮᠲᠤ ᠲᠡᠭᠦᠨ ᠯᠦᠭᠡ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠠᠵᠤ ᠠᠬᠤᠶᠢᠯᠠᠯ ᠠᠴᠠ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠪᠠᠯ᠂ ᠭᠠᠷᠲᠠᠨ ᠭᠦᠢᠴᠡᠳᠭᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠪᠣᠳᠠᠲᠠᠶ ᠡᠯᠰᠡᠨ ᠬᠡᠷᠡᠭᠯᠡᠬᠦ ᠬᠥᠮᠦᠨ ᠤ ᠲᠤᠭ᠎ᠠ ᠶᠢ ᠦᠨᠳᠦᠰᠦᠯᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠃    ᠣᠯᠭᠤᠬᠤ ᠲᠤᠭ᠎ᠠ ᠬᠡᠮᠵᠢᠶ᠎ᠡ ᠶᠢ ᠢᠩᠭᠢᠵᠦ ᠲᠣᠭᠲᠠᠭᠠᠵᠠᠶ᠄ ᠡᠯ᠎ᠡ ᠭᠠᠷᠲᠠᠨ ᠭᠦᠢᠴᠡᠳᠭᠡᠬᠦ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠨᠥᠬᠦᠴᠡᠯ ᠳᠤ ᠨᠡᠶᠢᠴᠡᠬᠦ ᠬᠤᠪᠢ ᠬᠥᠮᠦᠨ ᠳᠤ ᠣᠯᠭᠤᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠵᠦ ᠪᠣᠯᠤᠨ᠎ᠠ᠃ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠳᠤ ᠬᠤᠷᠰᠢᠨ ᠠᠳᠠᠯ ᠦᠢᠯᠡᠰ ᠴᠣᠭᠴᠠᠯᠠᠭᠰᠠᠨ ᠪᠠᠶᠢᠪᠠᠯ᠂ ᠬᠤᠷᠰᠢᠨ ᠠᠳᠠᠯ ᠦᠢᠯᠡᠰ ᠴᠣᠭᠴᠠᠯᠠᠬᠤ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠤᠨ᠎ᠠ᠂ ᠬᠠᠮᠤᠭ ᠤᠨ ᠠᠷᠪᠢᠨ ᠳᠠᠭᠠᠨ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠵᠢᠭᠡᠯᠡᠯᠭᠡ ᠶᠢᠨ ᠶᠡᠷᠦᠩᠬᠡᠶ ᠲᠣᠭᠠᠨ ᠤ 10% ᠠᠴᠠ ᠬᠡᠲᠦᠷᠡᠭᠦᠯᠵᠦ ᠪᠣᠯᠬᠤ ᠥᠬᠡᠶ᠃ ᠵᠢᠵᠢᠭ ᠪᠢᠴᠢᠯ ᠠᠵᠤ ᠠᠬᠤᠶᠢᠯᠠᠯ ᠨᠢ ᠲᠣᠭᠲᠠᠭᠠᠯ ᠳᠤ ᠨᠡᠶᠢᠴᠡᠪᠡᠯ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠬᠤᠪᠢ ᠬᠥᠮᠦᠨ ᠳᠤ ᠣᠯᠭᠤᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠂ ᠭᠠᠷᠲᠠᠨ ᠭᠦᠢᠴᠡᠳᠭᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ᠂ ᠬᠤᠭᠤᠴᠠᠭ᠎ᠠ ᠶᠢ ᠨᠢ ᠨᠢᠭᠡ ᠤᠳᠠᠭ᠎ᠠ ᠤᠷᠲᠤᠳᠬᠠᠵᠤ ᠪᠣᠯᠤᠨ᠎ᠠ᠂ ᠬᠤᠭᠤᠴᠠᠭ᠎ᠠ ᠶᠢ ᠨᠢ 1 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠵᠢᠵᠢᠭ ᠪᠢᠴᠢᠯ ᠠᠵᠤ ᠠᠬᠤᠶᠢᠯᠠᠯ ᠳᠤ ᠣᠯᠭᠤᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠥᠬᠡᠶ᠃    ᠵᠢᠭᠡᠯᠡᠯᠭᠡ ᠶᠢᠨ ᠬᠦᠦ ᠶᠢᠨ ᠨᠤᠷᠮ᠎ᠠ ᠶᠢ ᠵᠢᠭᠡᠯᠡᠯᠭᠡ ᠳᠠᠭᠠᠭᠠᠭᠰᠠᠨ ᠪᠠᠩᠬᠢ ᠠᠴᠠ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠷᠢᠯ ᠪᠦᠷᠢ ᠶᠢᠨ ᠨᠡᠶᠢᠲᠡᠯᠡᠭᠰᠡᠨ ᠵᠠᠬ᠎ᠠ ᠳᠡᠯᠭᠡᠭᠦᠷ ᠤᠨ ᠦᠨ᠎ᠡ ᠶᠢᠨ ᠬᠦᠦ ᠶᠢᠨ ᠨᠤᠷᠮ᠎ᠠ ᠶᠢ ᠦᠨᠳᠦᠰᠦᠯᠡᠵᠦ ᠲᠣᠭᠲᠠᠭᠠᠨ᠎ᠠ᠃ ᠬᠤᠪᠢ ᠬᠥᠮᠦᠨ ᠪᠠ ᠵᠢᠵᠢᠭ ᠪᠢᠴᠢᠯ ᠠᠵᠤ ᠠᠬᠤᠶᠢᠯᠠᠯ ᠨᠢᠭᠡ ᠬᠡᠰᠡᠭ ᠢ ᠡᠭᠦᠷᠭᠡᠯᠡᠵᠦ᠂ ᠡᠳ᠋ ᠤᠨ ᠵᠠᠰᠠᠭ ᠠᠴᠠ ᠨᠢᠭᠡ ᠬᠡᠰᠡᠭ ᠢ ᠡᠭᠦᠷᠭᠡᠯᠡᠨ᠎ᠡ᠃ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠬᠠᠮᠤᠭ ᠤᠨ ᠥᠨᠳᠥᠷ ᠲᠡᠭᠡᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠤᠷᠮ᠎ᠠ +1.5% ᠠᠴᠠ ᠬᠡᠲᠦᠷᠡᠭᠦᠯᠵᠦ ᠪᠣᠯᠬᠤ ᠦᠭᠡᠢ᠂ ᠵᠣᠭᠤᠰ ᠵᠢᠭᠡᠯᠡᠭᠴᠢ ᠨᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠤᠷᠮ᠎ᠠ -1.5% ᠠᠴᠠ ᠳᠣᠷᠣᠭᠰᠢᠬᠢ ᠬᠡᠰᠡᠭ ᠢ ᠯᠡ ᠡᠭᠦᠷᠭᠡᠯᠡᠵᠦ᠂  ᠦᠯᠡᠳᠡᠭᠰᠡᠨ ᠬᠡᠰᠡᠭ ᠲᠤ ᠡᠳ᠋ ᠤᠨ ᠵᠠᠰᠠᠭ ᠠᠴᠠ ᠳᠠᠮ ᠬᠦᠦ ᠥᠭᠭᠦᠨ᠎ᠡ᠃    ᠬᠥᠲᠥᠯᠥᠭᠴᠢ 2023 — 07 — 03 10᠄ 06    ᠮᠠᠨ ᠤ ᠮᠡᠳᠡᠭᠡᠵᠢ ᠪᠠᠷ᠂ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠪᠣᠯ ᠮᠥᠨ ᠴᠦ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠳᠤ ᠬᠠᠪᠰᠤᠷᠤᠨ ᠲᠡᠳᠬᠦᠬᠦ‍ ᠨᠢᠭᠡ  ᠵᠦᠢᠯ ᠤᠨ ᠲᠥᠷᠥ ᠶᠢᠨ ᠪᠣᠳᠣᠯᠭ᠎ᠠ ᠮᠥᠨ᠂ ᠲᠠ ᠰᠦᠯᠵᠢᠶᠡᠨ ᠤ ᠠᠨᠳᠠ ᠨᠠᠷ ᠲᠤ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠤᠨ ᠭᠤᠤᠯ ᠪᠣᠯᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠲᠠᠨᠢᠯᠴᠠᠭᠤᠯᠤᠭᠠᠷᠠᠶ᠃    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ ᠱᠦᠸᠧ ᠷᠦᠩ 2023 — 07 — 03 10᠄ 07    ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠪᠣᠯ ᠡᠯ᠎ᠡ ᠭᠠᠵᠠᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢᠢ ᠶᠢᠨ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠵᠢᠵᠢᠭ ᠠᠵᠤ ᠠᠬᠤᠶᠢᠯᠠᠯ ᠤᠨ ᠨᠡᠪᠴᠢᠭᠦᠯᠬᠦ ᠬᠦᠷᠢᠶᠡᠯᠡᠩ ᠵᠡᠷᠭᠡ ᠳᠤ ᠲᠦᠰᠢᠭᠯᠡᠨ᠂ ᠡᠯᠰᠡᠨ ᠴᠤᠭᠯᠠᠭᠤᠯᠵᠤ ᠨᠡᠶᠢᠲᠡᠯᠡᠬᠦ᠂ ᠬᠥᠲᠥᠯᠦᠨ ᠵᠢᠯᠣᠭᠤᠳᠬᠤ ᠪᠠᠷ ᠳᠡᠮᠵᠢᠨ ᠪᠥᠲᠥᠭᠡᠨ ᠪᠠᠶᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ᠂ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ᠂ ᠢᠯᠠᠩᠭᠤᠶ᠎ᠠ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠦᠢᠯᠡᠴᠢᠯᠡᠬᠦ ᠡᠲᠡᠭᠡᠳ ᠲᠤ ᠨᠡᠪᠴᠢᠭᠦᠯᠬᠦ ᠦᠢᠯᠡᠴᠢᠯᠡᠭᠡ ᠬᠠᠩᠭᠠᠬᠤ ᠰᠠᠭᠤᠷᠢᠨ ᠭᠠᠵᠠᠷ ᠪᠣᠯᠤᠨ᠎ᠠ᠃ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠰᠠᠭᠤᠷᠢᠨ ᠭᠠᠵᠠᠷ︶ ᠳᠤ ᠣᠷᠣᠵᠤ ᠰᠠᠭᠤᠭᠰᠠᠨ ᠠᠳᠠᠯ ᠦᠢᠯᠡᠰ ᠴᠣᠭᠴᠠᠯᠠᠬᠤ ᠪᠣᠳᠠᠲᠤ ᠴᠣᠭᠴᠠ ᠨᠢ᠂ ᠠᠳᠠᠯ ᠦᠢᠯᠡᠰ ᠴᠣᠭᠴᠠᠯᠠᠭᠴᠢ ᠨᠢ ᠨᠥᠬᠦᠴᠡᠯ ᠳᠤ ᠨᠡᠶᠢᠴᠡᠪᠡᠯ ᠲᠠᠯᠠᠪᠤᠷ ᠭᠠᠵᠠᠷ ᠤᠨ ᠲᠣᠬᠢᠷᠠᠭᠤᠯᠤᠯᠲᠠ᠂ ᠲᠦᠷᠢᠶᠡᠰᠦᠨ ᠮᠥᠩᠭᠦ ᠶᠢ ᠬᠠᠰᠤᠵᠤ ᠭᠡᠯᠳᠦᠷᠢᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠠᠳᠠᠯ ᠦᠢᠯᠡᠰ ᠴᠣᠭᠴᠠᠯᠠᠬᠤ ᠶᠢᠨ ᠵᠢᠯᠣᠭᠤᠳᠣᠯᠭ᠎ᠠ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃    ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠬᠡᠷᠡᠭᠵᠢᠭᠦᠯᠵᠦ᠂ ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠶᠢ ᠳᠡᠮᠵᠢᠬᠦ ᠰᠢᠷᠢᠰ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠡᠭᠦᠨ ᠳᠤ ᠰᠠᠶ᠋ᠢ ᠶᠢᠨ ᠶᠠᠷᠢᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠪᠠᠭᠲᠠᠵᠤ᠂ ᠡᠭᠦᠨ ᠤ ᠵᠣᠷᠢᠯᠭ᠎ᠠ ᠨᠢ ᠳᠠᠷᠤᠶ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠳᠥᠯᠭᠢᠨ ᠠᠬᠢᠭᠤᠯᠵᠤ᠂ ᠠᠳᠠᠯ ᠦᠢᠯᠡᠰ ᠴᠣᠭᠴᠠᠯᠠᠬᠤ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠴᠢᠩᠭᠠᠷᠠᠭᠤᠯᠵᠤ᠂ ᠡᠯ᠎ᠡ ᠲᠥᠷᠥᠯ ᠤᠨ ᠬᠠᠮᠲᠤᠯᠢᠭ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠳᠡᠮᠵᠢᠵᠦ᠂ ᠪᠥᠬᠦ ᠨᠡᠶᠢᠭᠡᠮ ᠤᠨ ᠠᠳᠠᠯ ᠦᠢᠯᠡᠰ ᠴᠣᠭᠴᠠᠯᠠᠬᠤ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠳᠠᠬᠢᠨ ᠢᠶᠠᠷ ᠨᠡᠮᠡᠭᠳᠡᠭᠦᠯᠬᠦ  ᠦᠢᠯᠡᠳᠦᠯ ᠢ ᠨᠠᠩ ᠶᠡᠭᠡ ᠬᠡᠪᠴᠢᠶ᠎ᠡ᠂ ᠨᠠᠩ ᠥᠨᠳᠥᠷ ᠲᠠᠰ ᠳᠠᠪᠬᠤᠷᠭ᠎ᠠ᠂ ᠨᠠᠩ ᠭᠦᠨ ᠬᠡᠮᠵᠢᠶᠡᠨ ᠳᠤ ᠪᠠᠳᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠢ ᠪᠠᠳᠠᠷᠠᠭᠤᠯᠬᠤ ᠶᠢᠨ ᠲᠥᠯᠥᠭᠡ ᠶᠤᠮ᠃    ᠬᠥᠲᠥᠯᠥᠭᠴᠢ 2023 — 07 — 03 10᠄ 08    ᠰᠠᠶ᠋ᠢᠬᠠᠨ ᠲᠠ ᠠᠳᠠᠯ ᠦᠢᠯᠡᠰ ᠴᠣᠭᠴᠠᠯᠠᠬᠤ ᠦᠶ᠋ᠯᠡᠴᠢᠯᠡᠭᠡᠨ ᠤ ᠠᠵᠢᠯ ᠤᠨ ᠵᠠᠷᠢᠮ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠤᠭᠰᠠᠨ ᠶᠤᠮ᠂ ᠲᠡᠭᠡᠪᠡᠯ ᠨᠥᠬᠦᠴᠡᠯ ᠳᠤ ᠨᠡᠶᠢᠴᠡᠬᠦ ᠬᠥᠳᠡᠯᠮᠦᠷᠢᠴᠢᠨ ᠶᠠᠮᠠᠷ ᠠᠷᠭ᠎ᠠ ᠵᠠᠮ ᠢᠶᠠᠷ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠭᠤᠶᠤᠴᠢᠯᠠᠬᠤ ᠪᠠ ᠡᠳ᠋ᠯᠡᠬᠦ ᠪᠣᠶ︖    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ  ᠱᠦᠸᠧ ᠷᠦᠩ 2023 — 07 — 03 10᠄ 08    ᠠᠳᠠᠯ‌ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠠ ᠭᠤᠶᠤᠴᠢᠯᠠᠨ ᠭᠥᠷᠳᠡᠬᠦ ᠶᠢᠨ ᠠᠷᠭ᠎ᠠ ᠵᠠᠮ ᠳᠤ ᠭᠤᠤᠯᠳᠠᠭᠤ᠄ 1. ᠡᠯ᠎ᠡ ᠠᠶᠢᠮᠠᠭ ᠬᠤᠲᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠣᠩᠬᠤ ᠪᠠᠷ ᠳᠡᠮᠵᠢᠨ ᠣᠶᠢᠯᠠᠭᠠᠬᠤ ᠪᠠ ᠭᠤᠶᠤᠴᠢᠯᠠᠨ ᠮᠡᠳᠡᠭᠦᠯᠦᠨ᠎ᠡ︔ 2. ᠲᠤᠬᠠᠶ ᠶᠢᠨ ᠭᠠᠵᠠᠷ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠪᠠᠶᠢᠭᠤᠯᠤᠮᠵᠢ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠵᠡᠷᠭᠡ ᠪᠠᠶᠢᠭᠤᠯᠤᠮᠵᠢ ᠪᠠᠷ ᠳᠡᠮᠵᠢᠨ ᠣᠶᠢᠯᠠᠭᠠᠬᠤ ᠪᠠ ᠭᠤᠶᠤᠴᠢᠯᠠᠨ ᠮᠡᠳᠡᠭᠦᠯᠦᠨ᠎ᠡ︔ 3. ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠭᠠᠷ ᠤᠲᠠᠰᠤᠨ ᠤ APP ᠶᠢ ᠪᠠᠭᠤᠯᠭᠠᠵᠤ ᠠᠪᠤᠭᠠᠳ ᠣᠶᠢᠯᠠᠭᠠᠵᠤ ᠮᠡᠳᠡᠨ᠎ᠡ︔ 4. ᠥᠪᠥᠷ ᠮᠣᠩᠭᠤᠯ ᠤᠨ ᠳᠥᠷᠪᠡ ᠶᠢ ᠨᠢᠭᠡ ᠴᠤᠭᠴᠠᠵᠢᠭᠤᠯᠤᠭᠰᠠᠨ ᠠᠵᠢᠯ ᠣᠯᠭᠤᠯᠲᠠ ᠶᠢᠨ  ᠦᠢᠯᠡᠴᠢᠯᠡᠭᠡᠨ ᠤ ᠡᠭᠦᠯᠡᠨ ᠲᠠᠪᠴᠠᠩ ᠳᠤ ᠭᠠᠷᠴᠤ ᠣᠶᠢᠯᠠᠭᠠᠪᠠ᠃    ᠬᠥᠲᠥᠯᠥᠭᠴᠢ 2023 — 07 — 03 10᠄ 08    ᠵᠠ᠂ ᠶᠠᠩ ᠡᠷᠬᠢᠯᠡᠭᠴᠢ ᠶᠢᠨ ᠨᠠᠷᠢᠨ ᠲᠣᠳᠣᠷᠬᠠᠶ ᠲᠥᠷᠥ ᠶᠢᠨ ᠪᠣᠳᠣᠯᠭ᠎ᠠ ᠶᠢᠨ ᠲᠠᠨᠢᠯᠴᠠᠭᠤᠯᠭ᠎ᠠ ᠳᠤ ᠮᠠᠰᠢ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠲᠣᠰ ᠬᠤᠭᠤᠴᠠᠭᠠᠨ ᠤ ᠫᠷᠤᠭ᠍ᠷᠠᠮ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠬᠥᠳᠡᠯᠮᠦᠷᠢ ᠦᠢᠯᠡᠰ ᠴᠣᠭᠴᠠᠯᠠᠬᠤ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠰᠠ ᠮᠠᠰᠢ ᠣᠯᠠᠨ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠣ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕    ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠩ  ᠱᠦᠸᠧ ᠷᠦᠩ 2023 — 07 — 03 10᠄ 08    ᠪᠠᠶᠠᠷᠲᠠᠶ︕                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3