ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 2023 ᠣᠨ ᠤ ᠶᠢᠰᠦᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/31
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠂ 7 ᠰᠠᠷ᠎ᠠ ᠶᠢᠨ 27 ᠤ ᠡᠳᠦᠷ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶ ᠴᠢᠩ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︽︿ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ﹀ ᠤᠨ ᠲᠤᠬᠠᠶ ᠲᠣᠳᠣᠷᠬᠠᠶᠢᠯᠠᠯᠲᠠ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠠᠭᠤᠯᠭ᠎ᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠭᠡᠰᠢᠭᠦᠳ ᠤᠨ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠳᠤᠯᠤᠭᠠᠨ ᠵᠢᠱᠢᠶᠡᠴᠢ ᠪᠣᠯᠬᠤ︾ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠶᠠᠮᠠᠷᠪᠠ ᠠᠵᠢᠯ ᠢ ᠬᠢᠬᠦ᠂ ᠶᠠᠮᠠᠷᠪᠠ ᠶᠠᠪᠤᠳᠠᠯ ᠢ ᠬᠢᠬᠦ ᠳᠤ ᠴᠥᠮ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠴᠢ ᠬᠤᠯᠪᠣᠭᠳᠠᠯ ᠢ ᠢᠯᠡᠷᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠡᠯ᠎ᠡ ᠵᠦᠢᠯ ᠤᠨ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠳᠠᠭᠠᠨ ᠦᠨᠡᠨᠬᠦ ᠲᠤᠤᠱᠯᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠠᠰᠤᠭ ᠤᠨ ᠬᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠬᠤᠷᠢᠶ᠎ᠡ ᠶᠢᠨ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠴᠠᠨ ᠣᠶᠢᠯᠠᠭᠠᠬᠤ ᠶᠢ ᠬᠢᠨᠠᠮᠠᠭᠠᠶ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ ᠨᠠᠢᠮᠠ ᠶᠢ ᠠᠬᠢᠭᠤᠯᠬᠤ +︾ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠪᠤᠶᠢᠵᠢᠭᠤᠯᠤᠨ ᠮᠣᠳᠣ ᠰᠣᠩᠭᠤᠬᠤ ᠡᠷᠴᠢᠮ ᠢ ᠴᠢᠩᠭᠠᠷᠠᠭᠤᠯᠤᠨ᠂ ᠮᠠᠨ ᠤ ᠰᠢᠶᠠᠨ ᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3