ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠡ ᠶᠢᠨ ᠨᠠᠮ ᠤᠨ ᠬᠤᠷᠢᠶ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠬᠤᠷᠠᠯ ᠢ ᠵᠣᠬᠢᠶᠠᠨ  ᠪᠠᠶᠢᠭᠤᠯᠪᠠ
ᠨᠡᠶᠢᠲᠡᠯᠡᠭᠰᠡᠨ ᠴᠠᠭ᠄
2023/7/5
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ 7 ᠰᠠᠷ᠎ᠠ ᠶᠢᠨ 4᠎ ᠤ ᠡᠳᠦᠷ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠡᠯ᠎ᠡ ᠰᠠᠯᠠᠭ᠎ᠠ ᠲᠠᠰᠤᠭ᠂ ᠭᠠᠵᠠᠷ᠂ ᠲᠥᠪ᠂ ᠶᠡᠭᠡ ᠠᠩᠭᠢ᠂ ᠳᠤᠮᠳᠠ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠲᠠᠨᠢᠵᠤ ᠦᠢᠯᠡᠳᠦᠯᠭᠡᠵᠢᠭᠦᠯᠬᠦ ᠪᠣᠯ ᠨᠢᠭᠡᠨ ᠤᠷᠲᠤ ᠬᠤᠭᠤᠴᠠᠭᠠᠨ ᠤ ᠶᠠᠪᠤᠴᠠ ᠮᠥᠨ᠂ ᠬᠠᠰᠢ ᠶᠠᠰᠢ ᠬᠠᠨᠳᠤᠵᠤ ᠪᠣᠯᠬᠤ ᠦᠭᠡᠶ᠂ ᠡᠷᠬᠡᠪᠰᠢ ᠰᠤᠷᠤᠯᠴᠠᠯᠭ᠎ᠠ ᠪᠠᠨ ᠭᠦᠨᠵᠡᠭᠡᠶᠢᠷᠡᠭᠦᠯᠬᠦ ᠶᠢ ᠢᠮᠠᠭᠲᠠ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ᠂ ᠤᠯᠤᠰ ᠲᠦᠷᠦ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠲᠡᠷᠡ ᠬᠡᠪ ᠢᠶᠠᠷ ᠨᠢ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠦᠨᠳᠦᠰᠦᠨ ᠪᠤᠳᠤᠯᠭ᠎ᠠ ᠴᠢᠭᠯᠡᠯᠲᠡ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠥᠪᠡᠷ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠠ ᠦᠵᠡᠯ ᠰᠠᠨᠠᠭ᠎ᠠ ᠤᠨᠤᠯ ᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂ ᠦᠨᠡᠨ ᠬᠦ ᠰᠢᠨ᠎ᠡ ᠵᠣᠷᠢᠭ ᠰᠠᠨᠠᠭ᠎ᠠ ᠰᠢᠨ᠎ᠡ ᠤᠨᠤᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠶ᠃      ᠬᠤᠷᠠᠯ ᠤᠨ ᠲᠠᠷᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠨᠤᠯ ᠤᠨ ᠮᠡᠳᠡᠯᠭᠡ ᠶᠢᠨ ᠰᠢᠯᠭᠠᠯᠲᠠ ᠶᠢ ᠬᠢᠪᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3