ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/7/5
     7 ᠰᠠᠷ᠎ᠠ ᠶᠢᠨ 3᠎ ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠬᠥᠮᠥᠨ ᠲᠥᠷᠥᠯᠬᠢᠲᠡᠨ ᠤ ᠲᠡᠦᠬᠡ ᠶᠢᠨ ᠤᠷᠳᠤ ᠠᠬᠢᠴᠠ ᠳᠤᠮᠳᠠ᠂ ᠳᠡᠯᠡᠬᠡᠢ ᠶᠢᠨ ᠦᠨᠳᠦᠰᠦᠲᠡᠨ ᠨᠦᠭᠦᠳ ᠲᠤᠰ ᠪᠡᠶ᠎ᠡ ᠶᠢᠨ ᠣᠨᠴᠠᠯᠢᠭ ᠪᠣᠯᠣᠨ ᠰᠢᠨᠵᠢ ᠲᠡᠮᠳᠡᠭ ᠪᠦᠬᠦᠢ ᠪᠣᠯᠪᠠᠰᠤᠨ ᠢ ᠡᠭᠦᠳᠪᠡ᠃ ᠠᠳᠠᠯᠢ ᠪᠤᠰᠤ ᠪᠣᠯᠪᠠᠰᠤᠨ ᠤ ᠬᠤᠭᠤᠷᠣᠨᠳᠤ ᠡᠷᠬᠡ ᠲᠡᠭᠰᠢ ᠪᠠᠷ ᠰᠣᠯᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠨᠢ ᠬᠥᠮᠥᠨ ᠲᠥᠷᠥᠯᠬᠢᠲᠡᠨ ᠤ ᠴᠠᠭ ᠦᠶ᠎ᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠵᠢᠯᠣᠭᠤᠳᠤᠮᠵᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠭᠡᠬᠦ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠢᠯᠡᠨ ᠳᠠᠪᠠᠵᠤ᠂ ᠪᠣᠯᠪᠠᠰᠤᠨ ᠤ ᠲᠣᠯᠢᠳᠠᠯ ᠢᠶᠠᠷ ᠪᠣᠯᠪᠠᠰᠤᠨ ᠤ ᠮᠥᠷᠭᠦᠯᠳᠦᠭᠡᠨ ᠢ ᠢᠯᠡᠨ ᠳᠠᠪᠠᠵᠤ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠢᠯᠡᠨ ᠳᠠᠪᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠡᠯ᠎ᠡ ᠤᠯᠤᠰ ᠤᠨ ᠬᠢᠲᠠᠳᠴᠢ ᠡᠷᠳᠡᠮᠲᠡᠳ ᠳᠤᠮᠳᠠᠳᠤ ᠭᠠᠳᠠᠭᠠᠳᠤ ᠶᠢᠨ ᠪᠣᠯᠪᠠᠰᠤᠨ ᠤ ᠠᠭᠤᠰᠤᠯᠴᠠᠨ ᠨᠡᠪᠲᠡᠷᠡᠯᠴᠡᠬᠦ ᠡᠯᠴᠢ ᠪᠣᠯᠤᠭᠰᠠᠨ ᠤ ᠬᠤᠪᠢ ᠳᠤ᠂ ᠳᠤᠮᠳᠠᠳᠤ ᠭᠠᠳᠠᠭᠠᠳᠤ ᠶᠢᠨ ᠰᠣᠶᠣᠯ ᠢ ᠨᠡᠪᠲᠡᠷᠡᠯᠴᠡᠭᠦᠯᠬᠦ᠂ ᠣᠶᠢᠯᠠᠭᠠᠯᠴᠠᠭ᠎ᠠ ᠨᠥᠬᠦᠷᠯᠡᠯ ᠬᠠᠮᠲᠤᠷᠠᠯᠴᠠᠭ᠎ᠠ ᠶᠢ ᠵᠤᠵᠠᠭᠠᠳᠬᠠᠬᠤ ᠳᠤ ᠨᠡᠩ ᠢᠳᠡᠪᠬᠢᠲᠡᠢ ᠴᠢᠷᠮᠠᠶᠢᠯᠭ᠎ᠠ ᠭᠠᠷᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠭᠤᠷᠪᠠᠳᠤᠭᠠᠷ ᠬᠤᠭᠤᠴᠠᠭᠠᠨ ᠤ ᠪᠣᠯᠪᠠᠰᠤᠨ ᠤ ᠰᠣᠯᠢᠯᠴᠠᠭ᠎ᠠ ᠲᠣᠯᠢᠳᠠᠯ ᠤᠨ ᠶᠠᠷᠢᠯᠴᠠᠭᠠᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠬᠢᠲᠠᠳᠴᠢ ᠡᠷᠳᠡᠮᠲᠡᠳ ᠤᠨ ᠶᠡᠭᠡ ᠬᠤᠷᠠᠯ ᠢ ᠳᠤᠮᠳᠠᠳᠤ ᠤᠯᠤᠰ ᠤᠨ ᠤᠯᠠᠨ ᠤᠯᠤᠰ ᠤᠨ ᠰᠣᠯᠢᠯᠴᠠᠭᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ 3᠎ ᠤ ᠡᠳᠦᠷ ᠪᠡᠭᠡᠵᠢᠩ ᠳᠤ ᠡᠬᠢᠯᠡᠵᠦ᠂ ᠭᠤᠣᠯ ᠰᠡᠳᠦᠪ ᠨᠢ ︽ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠭᠠᠷ ᠬᠤᠯᠪᠣᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠶ᠎ᠠ︾ ᠪᠣᠯᠣᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 3᠎ ᠤ ᠴᠠᠭᠢᠯᠭᠠᠨ ᠮᠡᠳᠡᠭᠡ︶    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3