ᠰᠢᠩ ᠾᠧ ᠰᠢᠶᠠᠨ ᠤ ᠬᠢᠨ ᠬᠠᠷᠢᠶᠠᠲᠤ ᠣᠷᠣᠨ ᠤ ᠪᠠᠨ ᠣᠯᠠᠨ ᠲᠦᠮᠡᠨ ᠤ ᠡᠪᠡᠳᠴᠢᠨ ᠦᠵᠡᠭᠦᠯᠬᠦ | ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ | ᠡᠮᠨᠡᠯᠭᠡ ᠶᠢᠨ ᠲᠤᠰᠬᠠᠶ ᠮᠡᠷᠭᠡᠵᠢᠯᠲᠡᠳ ᠲᠠᠢ ᠢᠳᠡᠪᠬᠢᠲᠡᠶ ᠪᠠᠷ ᠵᠣᠬᠢᠴᠠᠭᠤᠯᠵᠤ᠂ ᠡᠯ᠎ᠡ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠲᠤᠰᠬᠠᠶ ᠮᠡᠷᠭᠡᠵᠢᠯᠲᠡᠳ ᠤᠨ ᠡᠪᠡᠳᠴᠢᠨ ᠦᠵᠡᠭᠦᠯᠬᠦ | ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ︽ᠬᠡᠷ ᠤᠨ ᠡᠭᠦᠳᠡᠨ ᠳᠤ︾ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠦᠷᠲᠡᠭᠡᠪᠡ᠃ | ᠬᠠᠷ᠎ᠠ ᠥᠷᠯᠥᠭᠡ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤᠨ ᠤ ᠡᠯ ᠲᠠᠢ ᠽᠢ ᠲᠣᠰᠬᠤᠨ ᠤ | ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠳᠤ ᠳᠠᠷᠤᠢ ᠴᠢᠮᠡᠭᠡ ᠣᠯᠵᠤ ᠡᠮᠨᠡᠭᠦᠯᠬᠦ ᠪᠠᠷ ᠢᠷᠡᠭᠰᠡᠨ ᠬᠡᠦᠬᠡᠳ | ᠵᠢᠴᠢ ᠭᠡᠷ ᠤᠨ ᠠᠬᠠᠮᠠᠳ ᠪᠠᠶᠢᠵᠤ᠂ ᠡᠮᠨᠡᠯᠭᠡ ᠶᠢᠨ ᠵᠢᠯᠣᠭᠤᠳᠤᠮᠵᠢ ᠶᠢᠨ ᠠᠵᠢᠯᠳᠠᠨ ᠤ ᠵᠢᠯᠤᠭᠤᠳᠤᠯᠭ᠎ᠠ ᠳᠣᠣᠷ᠎ᠠ᠂ | ᠭᠡᠷ ᠤᠨ ᠠᠬᠠᠮᠠᠳ ᠡᠮᠬᠢ ᠴᠡᠭᠴᠡ ᠲᠠᠢ ᠮᠥᠷᠯᠡᠨ ᠬᠦᠯᠢᠶᠡᠵᠦ᠂ ᠡᠮᠨᠡᠯᠭᠡ ᠶᠢᠨ ᠲᠤᠬᠠᠢ ᠶᠢᠨ ᠲᠠᠯᠠᠪᠠᠢ ᠡᠮᠬᠢ | ᠳᠢᠭᠯᠢᠮ ᠲᠠᠢ ᠪᠠᠶᠢᠪᠠ᠃ ᠮᠡᠷᠭᠡᠵᠢᠯᠲᠡᠨ ᠨᠡᠷ ᠡᠪᠡᠳᠴᠢᠲᠡᠨ ᠤ ᠠᠰᠠᠭᠤᠯᠲᠠ ᠶᠢ ᠬᠦᠯᠢᠴᠡᠩᠭᠦᠶ ᠪᠠᠷ ᠨᠠᠷᠢᠨ ᠨᠢᠮᠪᠠᠶ | ᠬᠠᠷᠢᠭᠤᠯᠵᠤ᠂ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠤ ᠪᠡᠶ᠎ᠡ ᠶᠢᠨ ᠪᠠᠶᠢᠴᠠᠭᠠᠯᠲᠠ ᠬᠢᠵᠦ ᠥᠭᠲᠡᠭ᠃ | ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠰᠢᠶᠠᠨ ᠤ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠪᠠᠶᠢᠭᠤᠯᠤᠭᠰᠠᠨ ᠠᠴᠠ ᠨᠠᠰᠢ᠂ ᠡᠪᠡᠳᠴᠢᠲᠡᠨ ᠬᠡᠷᠡᠭᠴᠡᠭᠡ ᠲᠠᠢ ᠯᠡ ᠶᠤᠮ | ᠪᠣᠯ ᠭᠠᠷᠠᠭ ᠤᠨ ᠰᠡᠭᠦᠯᠴᠢ ᠳᠤ ᠴᠦ ᠭᠡᠰᠡᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ | ᠡᠮᠴᠢᠯᠡᠭᠡᠨ ᠤ ᠦᠢᠯᠡᠴᠢᠯᠡᠭᠡ ᠶᠢ ᠲᠡᠷᠡ ᠳᠠᠷᠤᠶ ᠳᠤᠨᠢ ᠭᠥᠷᠳᠡᠵᠦ ᠪᠣᠯᠤᠨ᠎ᠠ᠃ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ ᠰᠢᠨᠵᠢᠯᠡᠭᠡᠨ ᠤ ᠰᠠᠯᠠᠭ᠎ᠠ ᠶᠢ ᠬᠠᠮᠲᠤ ᠪᠠᠷ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠢ ᠪᠠᠭᠤᠷᠠᠭᠤᠯᠵᠤ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ︽ᠡᠪᠡᠳᠴᠢᠲᠡᠨ ᠭᠦᠶᠦᠵᠦ︾ ᠪᠠᠶᠢᠭᠰᠠᠨ ᠢ ︽ᠡᠮᠴᠢ | ᠭᠦᠶᠦᠵᠦ︾ ᠪᠠᠶᠢᠭᠰᠠᠨ ᠠᠴᠠ ︽ᠡᠮᠴᠢ ᠭᠦᠶᠦᠵᠦ︾᠂ ᠪᠠᠭ᠎ᠠ ᠡᠪᠡᠳᠴᠢᠨ ᠢ ᠦᠨᠳᠦᠰᠦᠨ ᠱᠠᠲᠤᠨ ᠳᠤ ᠪᠠᠶᠢᠯᠭᠠᠬᠤ | ᠂ ᠡᠷᠡᠭᠦᠯᠵᠢᠬᠦ ᠶᠢ ᠨᠡᠶᠢᠭᠡᠮ ᠲᠣᠭᠤᠷᠢᠭ ᠲᠤ ᠬᠦᠷᠭᠡᠬᠦ ᠡᠪᠡᠳᠴᠢᠨ ᠦᠵᠡᠭᠦᠯᠬᠦ ᠰᠢᠨ᠎ᠡ ᠪᠠᠶᠢᠷᠢᠰᠢᠯ ᠢ ᠪᠡᠶᠡᠯᠡᠭᠦᠯᠪᠡ᠃ | ᠰᠢᠩ ᠾᠧ ᠰᠢᠶᠠᠨ ᠤ ᠬᠢᠨ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ | ᠲᠤᠰᠬᠠᠶ ᠮᠡᠷᠭᠡᠵᠢᠯᠲᠡᠳ ᠲᠠᠢ ᠢᠳᠡᠪᠬᠢᠲᠡᠶ ᠪᠠᠷ ᠵᠣᠬᠢᠴᠠᠭᠤᠯᠤᠨ 6 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠳᠤ ᠬᠦᠷᠴᠦ ᠲᠤᠰᠬᠠᠶ ᠮᠡᠷᠭᠡᠵᠢᠯᠲᠡᠳ ᠤᠨ ᠰᠠᠭᠤᠵᠤ ᠡᠮᠨᠡᠭᠦᠯᠬᠦ ᠠᠵᠢᠯᠯᠠᠭ᠎ᠠ ᠥᠷᠨᠢᠭᠦᠯᠵᠦ᠂ ᠣᠯᠠᠨ | ᠲᠦᠮᠡᠨ ᠤ ︽ᠡᠪᠡᠳᠴᠢᠨ ᠦᠵᠡᠭᠦᠯᠬᠦ ᠳᠤ ᠦᠨᠡᠲᠡᠶ᠂ ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |