ᠰᠢᠩ ᠾᠧ ᠰᠢᠶᠠᠨ ᠤ ᠣᠯᠠᠨ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠵᠤ ᠡᠪᠡᠳᠴᠢᠨ ᠦᠵᠡᠭᠦᠯᠵᠦ ᠣᠯᠠᠨ ᠲᠦᠮᠡᠨ ᠤ ᠡᠪᠡᠳᠴᠢᠨ ᠦᠵᠡᠭᠦᠯᠬᠦ ᠵᠠᠮ ᠢ ᠰᠠᠭᠠᠳ ᠥᠬᠡᠶ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2023/8/1
      ᠰᠢᠩ ᠾᠧ ᠰᠢᠶᠠᠨ ᠤ ᠬᠢᠨ ᠬᠠᠷᠢᠶᠠᠲᠤ ᠣᠷᠣᠨ ᠤ ᠪᠠᠨ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠳ ᠲᠠᠢ ᠢᠳᠡᠪᠬᠢᠲᠡᠶ ᠪᠠᠷ ᠵᠣᠬᠢᠴᠠᠭᠤᠯᠵᠤ᠂ ᠡᠯ᠎ᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠲᠤᠰᠬᠠᠶ ᠮᠡᠷᠭᠡᠵᠢᠯᠲᠡᠳ ᠤᠨ ᠡᠪᠡᠳᠴᠢᠨ ᠦᠵᠡᠭᠦᠯᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ︽ᠬᠡᠷ ᠤᠨ ᠡᠭᠦᠳᠡᠨ ᠳᠤ︾ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠪᠡ᠃      ᠬᠠᠷ᠎ᠠ ᠥᠷᠯᠥᠭᠡ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤᠨ ᠤ ᠡᠯ ᠲᠠᠢ ᠽᠢ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠳᠤ ᠳᠠᠷᠤᠢ ᠴᠢᠮᠡᠭᠡ ᠣᠯᠵᠤ ᠡᠮᠨᠡᠭᠦᠯᠬᠦ ᠪᠠᠷ ᠢᠷᠡᠭᠰᠡᠨ ᠬᠡᠦᠬᠡᠳ ᠵᠢᠴᠢ ᠭᠡᠷ ᠤᠨ ᠠᠬᠠᠮᠠᠳ ᠪᠠᠶᠢᠵᠤ᠂ ᠡᠮᠨᠡᠯᠭᠡ ᠶᠢᠨ ᠵᠢᠯᠣᠭᠤᠳᠤᠮᠵᠢ ᠶᠢᠨ ᠠᠵᠢᠯᠳᠠᠨ ᠤ ᠵᠢᠯᠤᠭᠤᠳᠤᠯᠭ᠎ᠠ ᠳᠣᠣᠷ᠎ᠠ᠂ ᠭᠡᠷ ᠤᠨ ᠠᠬᠠᠮᠠᠳ ᠡᠮᠬᠢ ᠴᠡᠭᠴᠡ ᠲᠠᠢ ᠮᠥᠷᠯᠡᠨ ᠬᠦᠯᠢᠶᠡᠵᠦ᠂ ᠡᠮᠨᠡᠯᠭᠡ ᠶᠢᠨ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠪᠠ᠃ ᠮᠡᠷᠭᠡᠵᠢᠯᠲᠡᠨ ᠨᠡᠷ ᠡᠪᠡᠳᠴᠢᠲᠡᠨ ᠤ ᠠᠰᠠᠭᠤᠯᠲᠠ ᠶᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠤ ᠪᠡᠶ᠎ᠡ ᠶᠢᠨ ᠪᠠᠶᠢᠴᠠᠭᠠᠯᠲᠠ ᠬᠢᠵᠦ ᠥᠭᠲᠡᠭ᠃      ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠪᠠᠶᠢᠭᠤᠯᠤᠭᠰᠠᠨ ᠠᠴᠠ ᠨᠠᠰᠢ᠂ ᠡᠪᠡᠳᠴᠢᠲᠡᠨ ᠬᠡᠷᠡᠭᠴᠡᠭᠡ ᠲᠠᠢ ᠯᠡ ᠶᠤᠮ ᠪᠣᠯ ᠭᠠᠷᠠᠭ ᠤᠨ ᠰᠡᠭᠦᠯᠴᠢ ᠳᠤ ᠴᠦ ᠭᠡᠰᠡᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠡᠮᠴᠢᠯᠡᠭᠡᠨ ᠤ ᠦᠢᠯᠡᠴᠢᠯᠡᠭᠡ ᠶᠢ ᠲᠡᠷᠡ ᠳᠠᠷᠤᠶ ᠳᠤᠨᠢ ᠭᠥᠷᠳᠡᠵᠦ ᠪᠣᠯᠤᠨ᠎ᠠ᠃ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ ᠰᠢᠨᠵᠢᠯᠡᠭᠡᠨ ᠤ ᠰᠠᠯᠠᠭ᠎ᠠ ᠶᠢ ᠬᠠᠮᠲᠤ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠢ ᠪᠠᠭᠤᠷᠠᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ︽ᠡᠪᠡᠳᠴᠢᠲᠡᠨ ᠭᠦᠶᠦᠵᠦ︾ ᠪᠠᠶᠢᠭᠰᠠᠨ ᠢ ︽ᠡᠮᠴᠢ ᠭᠦᠶᠦᠵᠦ︾ ᠪᠠᠶᠢᠭᠰᠠᠨ ᠠᠴᠠ ︽ᠡᠮᠴᠢ ᠭᠦᠶᠦᠵᠦ︾᠂ ᠪᠠᠭ᠎ᠠ ᠡᠪᠡᠳᠴᠢᠨ ᠢ ᠦᠨᠳᠦᠰᠦᠨ ᠱᠠᠲᠤᠨ ᠳᠤ ᠪᠠᠶᠢᠯᠭᠠᠬᠤ ᠂ ᠡᠷᠡᠭᠦᠯᠵᠢᠬᠦ ᠶᠢ ᠨᠡᠶᠢᠭᠡᠮ ᠲᠣᠭᠤᠷᠢᠭ ᠲᠤ ᠬᠦᠷᠭᠡᠬᠦ ᠡᠪᠡᠳᠴᠢᠨ ᠦᠵᠡᠭᠦᠯᠬᠦ ᠰᠢᠨ᠎ᠡ ᠪᠠᠶᠢᠷᠢᠰᠢᠯ ᠢ ᠪᠡᠶᠡᠯᠡᠭᠦᠯᠪᠡ᠃      ᠰᠢᠩ ᠾᠧ ᠰᠢᠶᠠᠨ ᠤ ᠬᠢᠨ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠳ ᠲᠠᠢ ᠢᠳᠡᠪᠬᠢᠲᠡᠶ ᠪᠠᠷ ᠵᠣᠬᠢᠴᠠᠭᠤᠯᠤᠨ 6 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠲᠤᠰᠬᠠᠶ ᠮᠡᠷᠭᠡᠵᠢᠯᠲᠡᠳ ᠤᠨ ᠰᠠᠭᠤᠵᠤ ᠡᠮᠨᠡᠭᠦᠯᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠦᠨᠡᠲᠡᠶ᠂ ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3