ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠠᠮᠲᠤᠷᠠᠨ ︽ᠠᠯᠲᠠᠨ ᠨᠠᠮᠤᠷ ᠤᠨ ᠬᠤᠷᠴᠠ ᠰᠡᠯᠡᠮ᠎ᠡ︾᠎ ᠶᠢᠨ ᠭᠦᠢᠴᠡᠳᠭᠡᠬᠦ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/11
     ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾᠎ ᠶᠢ ᠭᠦᠢᠴᠡᠳ ᠪᠠᠲᠤᠯᠠᠵᠤ᠂ ᠭᠦᠢᠴᠡᠳᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭᠠᠷᠠᠭᠤᠯᠤᠨ᠂ ᠬᠠᠤᠯᠢ ᠪᠠᠷᠢᠬᠤ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ 8 ᠰᠠᠷ᠎ᠠ ᠶᠢᠨ 9᠎ ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠠᠮᠲᠤᠷᠠᠨ ︽ᠠᠯᠲᠠᠨ ᠨᠠᠮᠤᠷ ᠤᠨ ᠬᠤᠷᠴᠠ ᠰᠡᠯᠡᠮ᠎ᠡ︾᠎ ᠶᠢᠨ  ᠭᠦᠢᠴᠡᠳᠭᠡᠬᠦ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃ ᠤᠯᠠᠭᠠᠨᠴᠠᠪ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠯᠦ ᠭᠦᠸᠧ ᠸᠧᠨ᠂ ᠰᠢᠶᠠᠨ ᠤ ᠨᠠᠮ ᠤᠨ  ᠬᠤᠷᠢᠶ᠎ᠡ ᠶᠢᠨ ᠱᠦᠵᠢ ᠸᠠᠩ ᠬᠤᠢ ᠢᠦᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠤᠰ ᠤᠳᠠᠭᠠᠨ ᠤ ᠭᠦᠢᠴᠡᠳᠬᠡᠬᠦ ᠲᠤᠰᠬᠠᠶ ᠠᠵᠢᠯᠯᠠᠭ᠎ᠠ ᠨᠢ ᠭᠤᠣᠯᠳᠠᠭᠤ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠡᠶᠡᠳᠡᠭᠰᠡᠨ ᠤ ᠲᠠᠷᠠᠭ᠎ᠠ᠂ ᠭᠦᠢᠴᠡᠳᠬᠡᠭᠳᠡᠭᠴᠢ ᠮᠥᠨ ᠯᠡ ᠭᠦᠢᠴᠡᠳᠬᠡᠬᠦ ᠦᠭᠡᠢ ᠪᠠᠶᠢᠬᠤ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠤᠯᠠᠮᠵᠢᠯᠠᠯᠲᠤ ᠭᠦᠢᠴᠡᠳᠬᠡᠬᠦ ᠠᠷᠭ᠎ᠠ ᠪᠠᠷᠢᠯ ᠢ ᠬᠡᠷᠡᠭᠯᠡᠬᠦ ᠶᠢᠨ ᠵᠡᠷᠭᠡᠴᠡᠭᠡᠪᠡᠷ ᠲᠤᠭᠠᠵᠢᠭᠤᠯᠤᠭᠰᠠᠨ ᠠᠷᠭ᠎ᠠ ᠪᠠᠷᠢᠯ ᠢ ᠭᠦᠢᠴᠡᠳ ᠠᠰᠢᠭᠯᠠᠨ᠂ ᠡᠳ᠋ ᠬᠥᠷᠤᠩᠭᠡ ᠶᠢ ᠪᠠᠶᠢᠴᠠᠭᠠᠬᠤ᠂ ᠬᠢᠵᠠᠭᠠᠷᠯᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠣᠭᠤᠰ ᠢᠶᠠᠷ ᠲᠣᠷᠭᠠᠬᠤ᠂ ᠠᠯᠪᠠᠳᠠᠨ ᠳᠠᠭᠤᠳᠠᠬᠤ᠂ ᠲᠦᠷ ᠬᠤᠷᠢᠬᠤ ᠦᠢᠯᠡᠳᠦᠯ ᠢ ᠪᠠᠳᠠᠷᠠᠭᠤᠯᠵᠤ᠂ ᠭᠦᠢᠴᠡᠳᠬᠡᠬᠦ ᠰᠦᠷ ᠬᠦᠴᠦᠨ ᠢ ᠢᠯᠡᠷᠡᠭᠦᠯᠵᠦ᠂ ᠬᠠᠤᠯᠢ ᠪᠠᠷᠢᠬᠤ ᠡᠷᠬᠡ ᠠᠰᠢᠭ ᠢ ᠬᠠᠮᠠᠭᠠᠯᠠᠪᠠ᠃      ︽ᠠᠯᠳᠠᠨ ᠨᠠᠮᠤᠷ ᠤᠨ ᠬᠤᠷᠴᠠ ᠰᠡᠯᠡᠮ᠎ᠡ︾᠎ ᠶᠢᠨ ᠭᠦᠢᠴᠡᠳᠬᠡᠬᠦ ᠲᠤᠰᠬᠠᠶ ᠠᠵᠢᠯᠯᠠᠭ᠎ᠠ ᠶᠢ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠦᠨ᠎ᠡ᠂ 8 ᠰᠠᠷ᠎ᠠ ᠶᠢᠨ 9᠎ ᠤ ᠡᠳᠦᠷ ᠤᠨ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠠᠴᠠ 35 ᠺᠠᠳ᠋ᠷ ᠴᠠᠭᠳᠠᠭ᠎ᠠ᠂ 6 ᠴᠠᠭᠳᠠᠭᠠᠨ ᠤ ᠲᠡᠷᠭᠡ ᠶᠢ ᠬᠥᠳᠡᠯᠭᠡᠵᠦ᠂ 5 ᠭᠦᠢᠴᠡᠳᠬᠡᠭᠳᠡᠭᠴᠢ ᠶᠢ ᠠᠯᠪᠠᠳᠠᠨ ᠳᠠᠭᠤᠳᠠᠵᠤ᠂ 4 ᠭᠦᠢᠴᠡᠳᠬᠡᠭᠳᠡᠭᠴᠢ ᠶᠢ ᠲᠦᠷ ᠬᠤᠷᠢᠵᠤ᠂ 3 ᠭᠦᠢᠴᠡᠳᠬᠡᠯᠲᠡ ᠶᠢ ᠡᠪᠰᠡᠭᠦᠯᠵᠦ᠂ 5 ᠭᠦᠢᠴᠡᠳᠬᠡᠯᠲᠡ ᠶᠢ ᠳᠠᠭᠤᠰᠬᠠᠵᠤ᠂ 2 ᠮᠠᠰᠢᠨᠲᠤ ᠲᠡᠷᠭᠡ ᠶᠢ ᠳᠠᠷᠤᠵᠤ ᠠᠪᠤᠪᠠ᠂ ᠭᠦᠢᠴᠡᠳᠬᠡᠭᠰᠡᠨ ᠵᠣᠭᠤᠰ ᠤᠨ ᠲᠤᠭ᠎ᠠ ᠨᠢ ᠪᠠᠷᠤᠭ 14.41 ᠲᠦᠮᠡᠨ ᠲᠥᠭᠦᠷᠢᠭ ᠲᠤ ᠬᠦᠷᠴᠡᠶ      ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠰᠦᠨ ᠬᠠᠢ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3