ᠮᠠᠨ ᠤ ᠰᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ︾᠎ ᠲᠤ ᠣᠷᠣᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/14
     ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ 8 ᠰᠠᠷ᠎ᠠ ᠶᠢᠨ 10᠎ ᠤ ᠡᠳᠦᠷ᠂ ᠰᠢᠩ ᠡᡁᠧ ᠰᠢᠶᠠᠨ ᠤ ᠨᠠᠮ ᠤᠨ   ᠬᠤᠷᠢᠶ᠎ᠡ ᠶᠢᠨ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠡ ᠴᠧᠩ ᠭᠤᠸᠠᠨ ᠪᠠᠯᠭᠠᠰᠤᠨ ᠤ ᠺᠠᠲ᠋ᠣᠯᠢᠭ ᠱᠠᠰᠢᠨ ᠤ ᠳᠤᠭᠠᠩ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠣᠷᠣᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠣᠯᠤᠨ ᠱᠠᠰᠢᠨ ᠰᠢᠲᠦᠳᠡᠭ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠱᠠᠰᠢᠨ ᠰᠤᠷᠲᠠᠬᠤᠨ ᠤ ᠲᠠᠯᠠᠪᠤᠷ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠦᠨᠡᠨᠬᠦ ᠪᠠᠳᠠᠷᠠᠭᠤᠯᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶ᠎ᠡ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠂ ᠱᠠᠰᠢᠨ ᠰᠤᠷᠲᠠᠬᠤᠨ ᠤ ᠲᠤᠪᠴᠢᠶ᠎ᠡ ᠶᠢᠨ ᠳᠠᠷᠤᠭ᠎ᠠ ᠯᠢ ᠮᠢᠩ ᠠᠵᠢᠯᠯᠠᠭ᠎ᠠ ᠶᠢ ᠡᠷᠬᠢᠯᠡᠭᠰᠡᠡ ᠪᠥᠭᠡᠳ ︽ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾᠎ ᠶᠢ ᠳᠠᠭᠠᠭᠤᠯᠤᠨ ᠰᠤᠷᠤᠯᠴᠠᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠪᠠᠲᠤ ᠨᠥᠬᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠠᠬᠢᠭᠤᠯᠬᠤ ᠲᠦᠷᠢᠮ︾᠎ ᠢ ᠳᠠᠭᠠᠭᠤᠯᠤᠨ ᠰᠤᠷᠤᠯᠴᠠᠵᠤ᠂ ᠺᠠᠲ᠋ᠣᠯᠢᠭ ᠱᠠᠰᠢᠨ᠂ ᠢᠰᠯᠠᠮ ᠤᠨ ᠱᠠᠰᠢᠨ ᠤ ᠲᠥᠯᠥᠭᠡᠯᠡᠭᠴᠢ ᠬᠥᠮᠦᠰ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃      ᠶᠠᠩ ᠯᠢ ᠷᠦᠩ᠂ ᠪᠢᠳᠡ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠡᠷᠦᠩᠬᠡᠢ ᠬᠠᠷᠠᠯᠲᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ︽ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ︾᠎ ᠲᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ︔ ᠪᠠᠭᠰᠢ ᠠᠵᠢᠯᠳᠠᠨ᠂ ᠱᠠᠰᠢᠨ ᠰᠢᠲᠦᠳᠡᠭ ᠤᠯᠠᠨ ᠲᠦᠮᠡᠨ ᠢ ᠵᠣᠬᠢᠶᠠᠨ ᠪᠠᠶᠢᠭᠤᠯᠤᠨ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠤᠷᠤᠯᠴᠠᠭᠤᠯᠵᠤ᠂ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠤᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︔ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠰᠠᠭᠤᠷᠢ ᠪᠠᠨ ᠤᠯᠠᠮ ᠨᠢᠭᠡ ᠠᠯᠬᠤᠮ ᠪᠠᠲᠤᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠠᠯᠠᠪᠤᠷ ᠢ ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃      ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠮᠠᠨ ᠤ ᠰᠢᠶᠠᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠨ ᠣᠯᠠᠨ ᠪᠠᠭᠰᠢ ᠠᠵᠢᠯᠲᠠᠨ᠂ ᠱᠠᠰᠢᠨ ᠰᠢᠲᠦᠳᠡᠭ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠥᠷᠨᠢᠩᠭᠦᠢ ᠬᠥᠭᠵᠢᠯᠲᠡ ᠶᠢ ᠠᠬᠢᠭᠤᠯᠬᠤ ᠬᠡᠷᠡᠭᠲᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3