ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ | ᠥᠷᠨᠢᠭᠦᠯᠵᠦ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ | ᠬᠥᠭᠵᠢᠭᠦᠯᠵᠦ᠂ 8 ᠰᠠᠷ᠎ᠠ ᠶᠢᠨ 10 ᠤ ᠡᠳᠦᠷ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠨᠢᠭᠡᠳᠦᠮᠡᠯ | ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠡ ᠴᠧᠩ ᠭᠤᠸᠠᠨ ᠪᠠᠯᠭᠠᠰᠤᠨ ᠤ ᠺᠠᠲ᠋ᠣᠯᠢᠭ | ᠱᠠᠰᠢᠨ ᠤ ᠳᠤᠭᠠᠩ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ | ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠣᠷᠣᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠣᠯᠤᠨ ᠱᠠᠰᠢᠨ ᠰᠢᠲᠦᠳᠡᠭ ᠤᠯᠠᠨ ᠲᠦᠮᠡᠨ ᠢ | ᠬᠦᠳᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ᠱᠠᠰᠢᠨ ᠰᠤᠷᠲᠠᠬᠤᠨ ᠤ ᠲᠠᠯᠠᠪᠤᠷ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠦᠨᠡᠨᠬᠦ ᠪᠠᠳᠠᠷᠠᠭᠤᠯᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠰᠢᠶᠠᠨ ᠤ ᠨᠠᠮ ᠤᠨ ᠬᠤᠷᠢᠶ᠎ᠡ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠂ ᠱᠠᠰᠢᠨ ᠰᠤᠷᠲᠠᠬᠤᠨ ᠤ ᠲᠤᠪᠴᠢᠶ᠎ᠡ ᠶᠢᠨ ᠳᠠᠷᠤᠭ᠎ᠠ ᠯᠢ ᠮᠢᠩ ᠠᠵᠢᠯᠯᠠᠭ᠎ᠠ ᠶᠢ ᠡᠷᠬᠢᠯᠡᠭᠰᠡᠡ ᠪᠥᠭᠡᠳ ︽ᠱᠠᠰᠢᠨ | ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠶᠢ ᠳᠠᠭᠠᠭᠤᠯᠤᠨ ᠰᠤᠷᠤᠯᠴᠠᠵᠤ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠪᠠᠲᠤ ᠨᠥᠬᠦᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠶᠢ ᠠᠬᠢᠭᠤᠯᠬᠤ ᠲᠦᠷᠢᠮ︾ ᠢ ᠳᠠᠭᠠᠭᠤᠯᠤᠨ ᠰᠤᠷᠤᠯᠴᠠᠵᠤ᠂ ᠺᠠᠲ᠋ᠣᠯᠢᠭ ᠱᠠᠰᠢᠨ᠂ ᠢᠰᠯᠠᠮ ᠤᠨ | ᠱᠠᠰᠢᠨ ᠤ ᠲᠥᠯᠥᠭᠡᠯᠡᠭᠴᠢ ᠬᠥᠮᠦᠰ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃ | ᠶᠠᠩ ᠯᠢ ᠷᠦᠩ᠂ ᠪᠢᠳᠡ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ | ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠡᠷᠦᠩᠬᠡᠢ | ᠬᠠᠷᠠᠯᠲᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ︽ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ | ︾ ᠲᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ︔ ᠪᠠᠭᠰᠢ ᠠᠵᠢᠯᠳᠠᠨ᠂ ᠱᠠᠰᠢᠨ ᠰᠢᠲᠦᠳᠡᠭ | ᠤᠯᠠᠨ ᠲᠦᠮᠡᠨ ᠢ ᠵᠣᠬᠢᠶᠠᠨ ᠪᠠᠶᠢᠭᠤᠯᠤᠨ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ | ᠰᠤᠷᠤᠯᠴᠠᠭᠤᠯᠵᠤ᠂ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠤᠷᠮ᠎ᠠ ᠪᠠ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ︔ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ | ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠶᠢᠨ ᠤᠷᠤᠭᠰᠢᠲᠠᠶ | ᠶᠠᠪᠤᠭᠳᠠᠬᠤ ᠶᠢ ᠪᠠᠲᠤᠯᠠᠵᠤ᠂ ᠰᠠᠭᠤᠷᠢ ᠪᠠᠨ ᠤᠯᠠᠮ ᠨᠢᠭᠡ ᠠᠯᠬᠤᠮ ᠪᠠᠲᠤᠳᠬᠠᠨ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠠᠯᠠᠪᠤᠷ ᠢ | ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃ | ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠮᠠᠨ ᠤ ᠰᠢᠶᠠᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠨ ᠣᠯᠠᠨ ᠪᠠᠭᠰᠢ | ᠠᠵᠢᠯᠲᠠᠨ᠂ ᠱᠠᠰᠢᠨ ᠰᠢᠲᠦᠳᠡᠭ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠵᠥᠪ | ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠦᠭᠡᠢ | ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ | ᠪᠠᠲᠤᠳᠬᠠᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠥᠷᠨᠢᠩᠭᠦᠢ ᠬᠥᠭᠵᠢᠯᠲᠡ ᠶᠢ ᠠᠬᠢᠭᠤᠯᠬᠤ ᠬᠡᠷᠡᠭᠲᠡᠢ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |