ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠣᠯ ᠵᠠᠰᠠᠭ ᠤᠨ | ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ | ᠢᠲᠡᠭᠡᠭᠦᠯᠬᠦ ᠬᠦᠴᠦᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ | ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ | ᠠᠭᠤᠯᠭ᠎ᠠ ᠮᠥᠨ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠂ ᠪᠠᠰᠠ ᠴᠤ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠲᠤᠰᠬᠠᠶ ᠠᠵᠢᠯᠯᠠᠭ᠎ᠠ ᠶᠢ ᠲᠦᠯᠬᠢᠨ ᠠᠬᠢᠭᠤᠯᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ | ᠵᠠᠩᠭᠢᠯᠠᠭ᠎ᠠ ᠶᠢᠨ ᠵᠢᠯ ᠮᠥᠨ᠃ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠤᠰ ᠭᠤᠣᠯᠳᠠᠯᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠰᠤᠷᠲᠠᠯ ᠢ ᠰᠠᠶᠢᠵᠢᠷᠠᠭᠤᠯᠤᠨ | ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠢᠯᠡ ᠪᠣᠯᠭᠠᠬᠤ ᠪᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠬᠢᠨᠠᠯᠲᠠ ᠲᠠᠯᠪᠢᠬᠤ ᠶᠢ ᠳᠡᠮᠵᠢᠬᠦ᠂ ᠦᠢᠯᠡᠴᠢᠯᠡᠭᠡ ᠶᠢ ᠴᠢᠩᠭᠠᠳᠬᠠᠬᠤ ᠶᠢ | ᠪᠠᠷᠢᠮᠲᠠᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠭᠡᠬᠦ ᠬᠦᠴᠦᠨ ᠢ | ᠪᠦᠲᠦᠮᠵᠢᠲᠡᠶ ᠳᠡᠭᠡᠭᠰᠢᠯᠡᠭᠦᠯᠵᠦ᠂ ᠢᠯᠡ ᠲᠣᠳᠣ ᠶᠢᠨ ᠬᠡᠮᠵᠢᠶ᠎ᠡ ᠪᠠᠷ ᠥᠨᠳᠥᠷ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢᠶᠠᠷ ᠰᠢᠯᠢᠳᠡᠭ ᠰᠢᠩ ᠾᠧ ᠰᠢᠶᠠᠨ ᠢ ᠴᠢᠷᠮᠠᠶᠢᠨ ᠪᠠᠶᠢᠭᠤᠯᠤᠨ᠎ᠠ᠃ | ︵ᠬᠤᠶᠠᠷ︶ ᠠᠵᠢᠯ ᠤᠨ ᠬᠠᠷᠠᠯᠲᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠶᠡᠷᠦᠩᠬᠡᠶ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ | ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠬᠠᠮᠢᠶᠠᠷᠤᠯᠲᠠ ᠪᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠬᠡᠷᠡᠭᠴᠡᠭᠡ ᠪᠠᠷ ᠬᠥᠳᠡᠯᠭᠡᠭᠦᠷ ᠪᠣᠯᠭᠠᠬᠤ ᠳᠠᠰᠢ | ᠬᠤᠪᠢᠷᠠᠭᠤᠯᠬᠤ᠂ ᠢᠯᠡ ᠪᠣᠯᠭᠠᠬᠤ ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠢᠯᠡ ᠪᠣᠯᠭᠠᠬᠤ ᠶᠠᠰᠤ | ᠴᠢᠨᠠᠷ ᠪᠠ ᠭᠦᠨᠴᠡ ᠶᠢ ᠴᠢᠬᠤᠯᠠᠴᠢᠯᠠᠬᠤ ᠳᠠᠰᠢ ᠬᠤᠪᠢᠷᠠᠭᠤᠯᠬᠤ᠂ ︽ᠭᠠᠭᠴᠠ ᠴᠢᠭᠯᠡᠯ ᠢᠶᠠᠷ ᠭᠠᠳᠠᠭᠰᠢ ᠭᠠᠷᠭᠠᠬᠤ︾ | ᠪᠠᠶᠢᠭᠰᠠᠨ ᠠᠴᠠ ︽ᠬᠤᠤᠰ ᠴᠢᠭᠯᠡᠯ ᠢᠶᠠᠷ ᠤᠷᠤᠭᠰᠢᠯᠠᠬᠤ︾ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ | ᠳᠥᠯᠭᠢᠨ ᠠᠬᠢᠭᠤᠯᠪᠠ᠃ ᠡᠷᠬᠡ ᠰᠦᠷ ᠲᠠᠢ᠂ ᠪᠥᠬᠦ ᠲᠠᠯ᠎ᠠ ᠶᠢᠨ᠂ ᠴᠠᠭ ᠲᠤᠬᠠᠶ ᠳᠤᠨᠢ ᠵᠠᠰᠠᠭ ᠤᠨ ᠶᠠᠪᠤᠳᠠᠯ ᠢ ᠢᠯᠡ | ᠪᠣᠯᠭᠠᠬᠤ ᠲᠠᠪᠴᠠᠩ ᠢ ᠴᠢᠷᠮᠠᠶᠢᠨ ᠪᠠᠶᠢᠭᠤᠯᠵᠤ᠂ ᠢᠯᠡ ᠪᠣᠯᠭᠠᠬᠤ ᠮᠡᠳᠡᠭᠡ ᠵᠠᠩᠭᠢ ᠶᠢᠨ ᠬᠡᠷᠡᠭᠯᠡᠭᠡᠨ ᠤ ᠴᠢᠨᠠᠷ ᠢ | ᠲᠠᠰᠤᠷᠠᠯᠲᠠ ᠥᠬᠡᠶ ᠴᠢᠩᠭᠠᠷᠠᠭᠤᠯᠤᠨ᠂ ᠵᠠᠰᠠᠭ ᠪᠠ ᠠᠷᠠᠳ ᠤᠨ ᠬᠠᠷᠢᠯᠴᠠᠨ ᠦᠢᠯᠡᠳᠦᠯᠴᠡᠭᠰᠡᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠠᠷᠠᠳ ᠣᠯᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ | ᠪᠣᠯᠭᠠᠬᠤ | ︵ᠭᠤᠷᠪᠠ︶ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ | ᠪᠣᠯᠭᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠥᠲᠥᠭᠡᠨ | ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ᠂ ᠲᠠᠪᠤᠨ ᠶᠡᠭᠡ | ᠡᠭᠦᠷᠭᠡ ᠶᠢ ᠪᠥᠲᠥᠭᠡᠨ ᠪᠠᠶᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ | ᠤᠶᠠᠯᠳᠤᠭᠤᠯᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ︔ ᠬᠥᠭᠵᠢᠯᠲᠡ ᠶᠢᠨ ᠰᠢᠨ᠎ᠡ | ᠣᠨᠣᠯᠵᠢᠬᠤᠨ ᠢ ᠴᠠᠭ ᠲᠤᠬᠠᠶ ᠳᠤᠨᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠬᠤ᠂ ᠠᠮᠢ | ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ | ᠪᠠᠶᠢᠭᠤᠯᠬᠤ ᠪᠠ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠴᠣᠭᠴᠠᠯᠠᠬᠤ ᠵᠡᠷᠭᠡ ᠲᠠᠯ᠎ᠠ ᠶᠢᠨ ᠮᠡᠳᠡᠭᠡ | ᠵᠠᠩᠭᠢ ᠶᠢ ᠴᠠᠭ ᠲᠤᠬᠠᠶ ᠳᠤᠨᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠢᠯᠡ ᠪᠣᠯᠭᠠᠨ᠎ᠠ᠃ | ︵ᠳᠥᠷᠪᠡ︶ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯ ᠢ ᠰᠠᠶᠢᠲᠤᠷ | ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠣᠯᠭᠠᠨ᠎ᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ | ᠲᠣᠭᠤᠷᠢᠨ ᠳᠤ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠂ ︽ᠬᠠᠭᠠᠰ ᠳᠤᠲᠠᠭᠤ︾ | ᠢᠨᠵᠧᠨᠧᠷᠢᠩ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠂ ᠳᠠᠷᠤᠭᠳᠠᠮᠠᠯ ᠪᠠᠯᠠ ᠮᠥᠩᠭᠦ ᠶᠢᠨ | ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠲᠤᠰᠬᠠᠶ ᠵᠦᠢᠯ ᠤᠨ ᠠᠵᠢᠯᠯᠠᠭ᠎ᠠ᠂ ᠨᠡᠭᠡᠭᠡᠯᠲᠡ ᠶᠢᠨ ᠲᠣᠭᠤᠷᠢᠭ ᠤᠨ | ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠃ | ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠲᠠᠯᠪᠢᠭᠰᠠᠨ ᠨᠢᠭᠡ ᠭᠠᠵᠠᠷ ᠠᠴᠠ ᠡᠬᠢᠯᠡᠨ ᠰᠢᠩᠭᠡᠭᠡᠵᠦ | ᠰᠢᠢᠳᠪᠦᠷᠢᠯᠡᠬᠦ ᠠᠵᠢᠯ ᠢ ᠶᠡᠭᠡ ᠪᠠᠷ ᠬᠢᠵᠦ᠂ ᠲᠦᠷᠢᠮ ᠤᠨ ᠪᠠᠶᠢᠭᠤᠯᠤᠯᠲᠠ᠂ ᠠᠵᠢᠯ ᠤᠨ ᠠᠬᠢᠭᠤᠯᠤᠯ ᠵᠡᠷᠭᠡ | ᠲᠠᠯ᠎ᠠ ᠠᠴᠠ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ᠂ ᠠᠷᠠᠯᠵᠢᠶᠠᠴᠢᠨ ᠤᠷᠢᠬᠤ | ᠲᠥᠷᠥᠯ ᠵᠦᠢᠯ᠂ ᠠᠷᠠᠯᠵᠢᠶᠠᠴᠢᠨ ᠤᠷᠢᠵᠤ ᠪᠠᠯᠠ ᠣᠷᠣᠭᠤᠯᠤᠯᠲᠠ ᠶᠢᠨ ᠳᠠᠪᠠᠭᠤᠯᠢᠭ ᠪᠠ ᠤᠨᠴᠠᠯᠢᠬᠳᠤ ᠠᠵᠤ | ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ | ᠢᠯᠡ ᠪᠣᠯᠭᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠭᠠᠶᠢᠯᠢ | ᠬᠥᠩᠭᠡᠯᠡᠵᠦ ᠰᠦᠢᠳᠭᠡᠯ ᠪᠠᠭᠤᠷᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ ᠶᠢᠨ ᠨᠥᠬᠦᠪᠥᠷᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ | ᠠᠵᠢᠯ ᠲᠥᠷᠥᠯ ᠤᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠠᠵᠢᠯ ᠢ | ᠴᠢᠩᠭᠠᠳᠬᠠᠨ᠎ᠠ᠃ | ᠭᠤᠷᠪᠠ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠢ ᠢᠯᠡ ᠪᠣᠯᠭᠠᠬᠤ | ᠠᠵᠢᠯ ᠢ ᠰᠠᠶᠢᠲᠤᠷ ᠬᠢᠬᠦ ᠬᠡᠷᠡᠭᠲᠡᠶ | ︵ᠵᠢᠷᠭᠤᠭ᠎ᠠ︶ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ | ᠬᠢᠨ᠎ᠠ᠃ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠰᠠᠨᠠᠯ | ᠬᠤᠷᠢᠶᠠᠬᠤ ᠨᠣᠤᠷᠠᠭ ᠢ ᠴᠠᠭ ᠲᠤᠬᠠᠶ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠦᠯ ᠢ ᠤᠩᠰᠢᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ | ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠰᠠᠨᠠᠯ ᠬᠤᠷᠢᠶᠠᠭᠰᠠᠨ | ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ | ᠲᠥᠷᠥ ᠶᠢᠨ ᠪᠣᠳᠣᠯᠭ᠎ᠠ ᠲᠣᠭᠲᠠᠭᠠᠬᠤ ᠳᠤᠮᠳᠠ ᠪᠦᠲᠦᠮᠵᠢᠲᠡᠶ ᠢᠯᠡᠷᠡᠭᠦᠯᠬᠦ ᠬᠡᠷᠡᠭᠲᠡᠶ᠃ | ︵ᠳᠣᠯᠤᠭ᠎ᠠ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠥᠷᠥᠯ ᠬᠤᠪᠢᠶᠠᠵᠤ᠂ ᠲᠥᠪᠯᠡᠷᠡᠭᠦᠯᠦᠨ | ᠢᠯᠡ ᠪᠣᠯᠭᠠᠬᠤ ᠶᠢ ᠴᠢᠩᠭᠠᠳᠬᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠵᠠᠰᠠᠭ ᠤᠨ ᠣᠷᠳᠣᠨ ᠤ | ᠲᠦᠷᠢᠮ ᠲᠣᠭᠲᠠᠭᠠᠯ ᠢ ᠲᠥᠪᠯᠡᠷᠡᠭᠦᠯᠦᠨ ᠵᠢᠷᠤᠮᠵᠢᠭᠤᠯᠵᠤ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠬᠥᠮᠥᠷᠭᠡ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ︾ ᠲᠤᠰᠬᠠᠶ ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ ᠪᠣᠯᠭᠠᠵᠤ᠂ ᠲᠣᠭᠲᠠᠭᠠᠬᠤ | ᠥᠭᠡᠷᠡᠴᠢᠯᠡᠬᠦ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠢᠯᠭᠠᠷᠠᠭᠤᠯᠵᠤ᠂ | ᠰᠢᠨᠡᠳᠬᠡᠬᠦ ᠬᠡᠷᠡᠭᠲᠡᠶ᠃ ᠪᠢᠴᠢᠭ ᠮᠠᠲ᠋ᠧᠷᠢᠶᠠᠯ ᠤᠨ ᠬᠠᠷᠢᠶᠠᠲᠤ ᠴᠢᠨᠠᠷ ᠢ ᠡᠬᠢ ᠡᠭᠦᠰᠦᠯ ᠠᠴᠠ ᠨᠢ ᠮᠠᠭᠠᠳᠯᠠᠨ | ᠲᠣᠭᠲᠠᠭᠠᠬᠤ ᠠᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠲᠡᠭᠦᠯᠳᠡᠷᠵᠢᠭᠦᠯᠦᠨ᠂ ᠭᠤᠤᠯ ᠰᠡᠳᠦᠪ ᠤᠨ ᠬᠤᠪᠢᠶᠠᠷᠢᠯᠠᠯ ᠢ | ᠦᠷᠭᠦᠯᠵᠢᠯᠡᠨ ᠳᠣᠭᠢᠷᠠᠭᠤᠯᠤᠨ ᠰᠢᠯᠢᠳᠡᠭᠵᠢᠭᠦᠯᠵᠦ᠂ ᠪᠦᠲᠦᠮᠵᠢᠲᠦ ᠴᠢᠨᠠᠷ ᠪᠤᠶᠤ ᠬᠦᠴᠦᠨ ᠲᠠᠢ ᠬᠤᠭᠤᠴᠠᠭ᠎ᠠ ᠶᠢ | ᠢᠯᠡᠳᠲᠡ ᠢᠯᠡᠳᠬᠡᠨ᠎ᠡ᠃ | ︵ ᠨᠠᠢᠮᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠢᠯᠡ ᠪᠣᠯᠭᠠᠬᠤ ᠶᠢ ᠦᠷᠭᠦᠯᠵᠢᠯᠡᠨ | ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠡᠷᠭᠡ ᠳᠤᠨᠢ ᠲᠤᠭᠤᠷᠪᠢᠬᠤ᠂ ᠵᠡᠷᠭᠡ ᠳᠤᠨᠢ ᠬᠢᠨᠠᠨ ᠭᠠᠷ ᠤᠨ ᠥᠰᠥᠭ | ᠵᠢᠷᠤᠬᠤ᠂ ᠵᠡᠷᠭᠡ ᠳᠤᠨᠢ ᠨᠡᠶᠢᠲᠡᠯᠡᠬᠦ ︽ᠭᠤᠷᠪᠠ ᠶᠢ ᠵᠡᠷᠭᠡ ᠳᠤᠨᠢ ᠬᠢᠬᠦ︾ ᠶᠢ ᠪᠠᠷᠢᠮᠲᠠᠯᠠᠨ᠂ ︽ᠤᠩᠰᠢᠨ | ᠲᠠᠶᠢᠯᠪᠤᠷᠢᠯᠠᠬᠤ ᠶᠣᠰᠣᠲᠠᠶ ᠶᠢ ᠨᠢ ᠴᠥᠮ ᠤᠩᠰᠢᠨ ᠲᠠᠶᠢᠯᠪᠤᠷᠢᠯᠠᠬᠤ︾ ᠶᠢ ᠪᠡᠶᠡᠯᠡᠭᠦᠯᠦᠨ᠎ᠡ᠃ ᠲᠠᠶᠢᠯᠤᠮᠵᠢ ᠬᠢᠬᠦ | ᠮᠠᠲ᠋ᠧᠷᠢᠶᠠᠯ ᠳᠤ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ | ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ | ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠮᠥᠨ ᠴᠢᠨᠠᠷ ᠤᠨ | ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠶᠢ ᠬᠡᠷᠡᠭᠯᠡᠨ᠂ ᠵᠢᠷᠤᠭ ᠤᠨ | ᠲᠠᠶᠢᠯᠪᠤᠷᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ | ᠲᠠᠶᠢᠯᠤᠮᠵᠢ ᠬᠢᠬᠦ ᠶᠢᠨ ᠬᠠᠮᠲᠤ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ ᠲᠥᠷᠥ ᠶᠢᠨ | ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ ᠲᠠᠯ᠎ᠠ ᠪᠠᠷ ᠣᠨᠣᠪᠴᠢᠲᠠᠶ ᠳᠠᠮᠵᠢᠭᠤᠯᠬᠤ ᠬᠡᠷᠡᠭᠲᠡᠶ᠃ ᠴᠢᠬᠤᠯᠠ | ᠲᠦᠷᠦ ᠶᠢᠨ ᠪᠤᠳᠤᠯᠭ᠎ᠠ ᠶᠢ ᠨᠡᠶᠢᠲᠡᠯᠡᠬᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠴᠢᠬᠤᠯᠠ ᠶᠡᠭᠡ ᠬᠡᠷᠡᠭ | ᠶᠠᠪᠤᠳᠠᠯ ᠡᠭᠦᠰᠬᠦ ᠦᠶ᠎ᠡ ᠳᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ ᠮᠡᠳᠡᠭᠡ ᠵᠠᠩᠭᠢ ᠨᠡᠶᠢᠲᠡᠯᠡᠬᠦ᠂ ᠡᠷᠬᠡ ᠰᠦᠷ ᠲᠠᠢ ᠪᠠᠷ ᠳᠤᠬᠢᠷᠠᠭᠤᠯᠭ᠎ᠠ ᠲᠣᠭᠲᠠᠭᠠᠬᠤ᠂ ᠤᠬᠠᠮᠰᠠᠷ ᠠᠴᠠ ᠪᠠᠨ | ᠪᠣᠭᠤᠮᠲᠠ ᠰᠠᠬᠢᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠣᠨᠢᠨ ᠮᠡᠳᠡᠭᠡ ᠨᠡᠶᠢᠲᠡᠯᠡᠬᠦ | ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠲᠦᠷᠦ ᠶᠢᠨ ᠪᠤᠳᠤᠯᠭ᠎ᠠ ᠶᠢ ᠲᠦᠷᠦᠭᠦᠯᠡᠨ | ᠲᠠᠶᠢᠯᠪᠤᠷᠢᠯᠠᠵᠤ᠂ ᠵᠢᠱᠢᠯᠲᠡ ᠶᠢ ᠰᠠᠨᠠᠭᠠᠴᠢᠯᠠᠭ᠎ᠠ ᠠᠴᠠ ᠪᠠᠨ ᠬᠦᠳᠦᠯᠦᠨ ᠵᠢᠯᠣᠭᠤᠳᠬᠤ ᠬᠡᠷᠡᠭᠲᠡᠢ᠃ ᠢᠯᠡ ᠪᠣᠯᠭᠠᠵᠤ | ᠪᠣᠯᠬᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠵᠢᠷᠤᠭ ᠦᠰᠦᠭ ᠵᠢᠷᠤᠭ ᠬᠦᠰᠦᠨᠦᠭᠲᠦ᠂ ᠳᠠᠭᠤᠨ | ᠳᠠᠪᠲᠠᠮᠵᠢ ᠸᠢᠳᠢᠣ᠋᠂ ᠺᠠᠷᠲ᠋ᠣᠨ ᠵᠢᠷᠤᠭ ᠵᠡᠷᠭᠡ ᠬᠡᠯᠪᠡᠷᠢ ᠪᠠᠷ ᠲᠠᠶᠢᠯᠤᠮᠵᠢ ᠬᠢᠬᠦ ᠪᠠᠨ ᠴᠢᠩᠭᠠᠳᠬᠠᠬᠤ ᠬᠡᠷᠡᠭᠲᠡᠢ᠃ | ᠳᠥᠷᠪᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠤᠨ ᠲᠣᠭᠤᠷᠢᠨ ᠳᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ | ︵ᠶᠢᠰᠦ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ | ᠪᠣᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠥᠨ ᠠᠵᠢᠯᠴᠢᠨ᠂ ᠴᠡᠷᠢᠭ ᠠᠴᠠ | ᠬᠠᠯᠠᠭᠳᠠᠭᠰᠠᠳ ᠵᠡᠷᠭᠡ ᠬᠠᠮᠲᠤᠯᠢᠭ ᠲᠤ ᠴᠢᠭᠯᠡᠭᠦᠯᠦᠨ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠦᠷᠦ ᠶᠢᠨ ᠪᠤᠳᠤᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ | ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ ᠬᠦᠷᠭᠡᠬᠦ ᠶᠠᠰᠤ | ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ᠬᠥᠮᠦᠰ ᠲᠤ ᠬᠠᠮᠢᠶ᠎ᠠ ᠪᠥᠬᠦᠶ ᠠᠵᠢᠯ | ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠮᠡᠳᠡᠭᠦᠯᠬᠦ ᠶᠢᠨ ᠬᠠᠮᠲᠤ ᠣᠯᠭᠤᠬᠤ ᠬᠡᠷᠡᠭᠲᠡᠶ᠃ | ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠮᠡᠳᠡᠭᠦᠯᠦᠨ ᠬᠦᠷᠭᠡᠬᠦ | ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ ᠵᠢᠴᠢ ᠦᠨᠡᠯᠡᠨ ᠲᠣᠭᠲᠠᠭᠠᠭᠰᠠᠨ ᠦᠷ᠎ᠡ ᠳ᠋ᠦᠩ ᠵᠡᠷᠭᠡ | ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠨ᠎ᠡ᠃ | ︵ᠠᠷᠪᠠ︶ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ | ᠢᠯᠡ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ ᠪᠠ ᠠᠰᠠᠭᠤᠨ | ᠯᠠᠪᠯᠠᠬᠤ ᠳ᠋ᠢᠶᠠᠩᠬᠤᠸᠠ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ ᠨᠡᠶᠢᠲᠡᠯᠡᠵᠦ᠂ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ ᠥᠨᠳᠥᠷ | ᠨᠠᠰᠤᠨ ᠤ ᠨᠡᠮᠡᠭᠦᠷᠢ ᠵᠡᠷᠭᠡ ᠪᠠᠯᠠ ᠮᠥᠩᠭᠦ ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ | ᠬᠡᠷᠡᠭᠲᠡᠶ᠃ | ︵ᠠᠷᠪᠠᠨ ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠮᠡᠳᠡᠭᠡ ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠲᠥᠷᠥ ᠶᠢᠨ ᠪᠣᠳᠣᠯᠭ᠎ᠠ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠡᠪᠴᠢᠶ᠎ᠡ᠂ | ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ | ᠪᠣᠯᠭᠠᠬᠤ ᠶᠢ ᠦᠷᠭᠦᠯᠵᠢᠯᠡᠨ ᠰᠠᠶᠢᠲᠤᠷ ᠬᠢᠨ᠎ᠠ᠃ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ | ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ | ᠪᠣᠯᠭᠠᠬᠤ ᠬᠡᠷᠡᠭᠲᠡᠶ᠃ | ︵ᠠᠷᠪᠠᠨ ᠬᠤᠶᠠᠷ︶ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ | ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ | ᠴᠠᠭ᠂ ᠬᠠᠷᠢᠯᠴᠠᠬᠤ ᠳ᠋ᠢᠶᠠᠩᠬᠤᠸᠠ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ | ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ | ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠤ ᠬᠢᠨᠠᠯᠲᠠ ᠲᠠᠯᠪᠢᠵᠤ ᠪᠠᠶᠢᠴᠠᠭᠠᠬᠤ | ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ︵ᠠᠷᠪᠠᠨ ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ | ᠬᠤᠲᠠ ᠶᠢᠨ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ | ᠬᠡᠮᠵᠢᠬᠦ᠂ ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ | ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠶᠢ ᠤᠬᠠᠭᠤᠯᠬᠤ ᠪᠠ ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠠᠷᠪᠠᠨ ᠳᠥᠷᠪᠡ︶ ᠠᠶᠤᠯ ᠥᠬᠡᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠠᠳᠡᠯ ᠤᠨ ᠭᠠᠮᠰᠢᠭ ᠤᠨ | ᠲᠥᠷᠥᠯ ᠤᠨ ᠰᠡᠷᠭᠡᠭ ᠪᠤᠰᠤ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭ᠎ᠠ | ᠠᠪᠤᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠰᠠᠨ ᠦᠷ᠎ᠡ ᠳ᠋ᠦᠩ ᠵᠡᠷᠭᠡ | ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠢ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ | ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ | ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ | ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ | ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ᠲᠠᠪᠤ᠂ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠢᠶᠠᠨ ᠢᠯᠡ ᠪᠣᠯᠭᠠᠬᠤ ᠶᠢ | ᠰᠠᠶᠢᠲᠤᠷ ᠬᠢᠬᠦ ᠬᠡᠷᠡᠭᠲᠡᠢ | ︵ᠠᠷᠪᠠᠨ ᠲᠠᠪᠤ︶ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠪᠠᠷ ᠰᠠᠭᠤᠷᠢ ᠪᠣᠯᠭᠠᠨ᠂ ᠪᠣᠳᠠᠲᠠᠶ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠪᠥᠬᠦ ᠰᠢᠶᠠᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ | ᠂ ᠠᠮᠵᠢᠯᠲᠠᠲᠠᠶ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠭᠦᠢᠴᠡᠳᠭᠡᠬᠦ ᠴᠢᠳᠠᠪᠤᠷᠢ ᠪᠠ ᠶᠠᠰᠤ ᠴᠢᠨᠠᠷ ᠢ ᠪᠥᠬᠦ | ᠲᠠᠯ᠎ᠠ ᠪᠠᠷ ᠠᠬᠢᠭᠤᠯᠤᠨ᠎ᠠ᠃ | ︵ᠠᠷᠪᠠᠨ ᠵᠢᠷᠭᠤᠭ᠎ᠠ︶ ᠭᠤᠶᠤᠴᠢᠯᠠᠯ ᠢᠶᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠢᠯ ᠤᠨ ᠦᠵᠡᠯᠲᠡ ᠪᠠᠨ ᠬᠤᠪᠢᠷᠠᠭᠤᠯᠵᠤ᠂ ᠭᠤᠶᠤᠴᠢᠯᠠᠭᠴᠢ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ | ᠭᠤᠶᠤᠴᠢᠯᠠᠭᠴᠢ ᠯᠤᠭ᠎ᠠ ᠶᠢᠨ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ | ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠤᠶᠢᠯᠠᠭᠠᠨ᠂ ᠰᠢᠢᠳᠪᠦᠷᠢᠯᠡᠵᠦ ᠬᠠᠷᠢᠭᠤᠯᠲᠠ ᠥᠭᠬᠦ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠭᠤᠶᠤᠴᠢᠯᠠᠯ ᠢ ᠦᠨᠳᠦᠰᠦᠯᠡᠨ ᠢᠯᠡ ᠪᠠᠷ ᠰᠢᠢᠳᠪᠦᠷᠢᠯᠡᠬᠦ ᠶᠠᠪᠤᠴᠠ ᠳᠠᠬᠢ ᠬᠢᠨᠠᠨ | ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠳᠤ ᠬᠠᠷᠢᠭᠤᠯᠲᠠ ᠥᠭᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ | ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ ᠨᠣᠷᠮ᠎ᠠ᠂ ᠪᠤᠷᠤᠭᠤ ᠪᠠᠨ ᠵᠠᠯᠠᠷᠠᠭᠤᠯᠵᠤ ᠵᠠᠷᠭᠤ ᠢᠯᠠᠭᠳᠠᠬᠤ ᠨᠣᠷᠮ᠎ᠠ ᠶᠢ | ᠪᠠᠭᠤᠷᠠᠭᠤᠯᠤᠨ᠎ᠠ᠃ ᠡᠯ᠎ᠡ ᠰᠢᠶᠠᠩ ᠪᠠᠯᠭᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠪᠠᠶᠢᠭᠤᠯᠤᠭᠰᠠᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠣᠷᠣᠨ︾ ᠤ ᠦᠨᠳᠦᠰᠦᠨ ᠱᠠᠲᠤᠨ ᠤ | ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢ ᠪᠦᠲᠦᠮᠵᠢᠲᠡᠶ ᠠᠰᠢᠭᠯᠠᠵᠤ᠂ ᠭᠤᠶᠤᠴᠢᠯᠠᠯ ᠢ ᠦᠨᠳᠦᠰᠦᠯᠡᠨ ᠢᠯᠡ | ᠪᠣᠯᠭᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠷ ᠬᠦᠯᠢᠶᠡᠨ ᠠᠪᠴᠤ ᠰᠢᠢᠳᠪᠦᠷᠢᠯᠡᠬᠦ ᠠᠷᠭ᠎ᠠ | ᠵᠠᠮ ᠢ ᠰᠠᠭᠠᠳ ᠭᠤᠶᠤᠴᠢᠯᠠᠯ ᠢᠶᠠᠷ ᠢᠯᠡ ᠪᠣᠯᠭᠠᠬᠤ ᠶᠢ ᠣᠯᠠᠨ ᠲᠦᠮᠡᠨ ᠬᠢᠭᠡᠳ ᠵᠠᠰᠠᠭ ᠤᠨ ᠣᠷᠳᠣᠨ ᠤ | ᠨᠡᠪᠲᠡᠷᠡᠯᠴᠡᠬᠦ ᠶᠢᠨ ︽ᠬᠤᠯᠪᠣᠯᠳᠤᠭᠰᠠᠨ ᠬᠥᠭᠦᠷᠭᠡ︾ ︽ᠰᠢᠭᠤᠳ ᠨᠡᠪᠲᠡᠷᠡᠬᠦ ᠲᠡᠷᠭᠡ︾ ᠪᠣᠯᠭᠠᠵᠤ᠂ ᠬᠠᠤᠯᠢ | ᠲᠣᠭᠲᠠᠭᠠᠯ ᠶᠣᠰᠣᠭᠠᠷ᠂ ᠢᠯᠡ ᠪᠣᠯᠭᠠᠬᠤ ᠪᠠ ᠵᠣᠬᠢᠴᠠᠭᠤᠯᠬᠤ ᠶᠢ ᠬᠠᠷᠢᠯᠴᠠᠨ ᠤᠶᠠᠯᠳᠤᠭᠤᠯᠵᠤ᠂ ᠣᠯᠠᠨ | ᠲᠦᠮᠡᠨ ᠳᠤ ᠦᠨᠡᠨ ᠬᠦ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ | ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠦᠨᠳᠦᠰᠦᠨ ᠱᠠᠲᠤᠨ ᠤ ᠵᠥᠷᠢᠴᠡᠯ ᠢ | ᠠᠷᠢᠯᠭᠠᠨ᠂ ᠬᠡᠷᠡᠭ ᠥᠬᠡᠶ ᠵᠠᠷᠭᠤ ᠰᠤᠷᠪᠤᠯᠵᠢᠯᠠᠭ᠎ᠠ ᠳᠤ ᠬᠤᠯᠪᠣᠭᠳᠠᠬᠤ ᠠᠴᠠ ᠵᠠᠶᠢᠯᠠᠰᠬᠢᠵᠦ᠂ ︽ᠠᠷᠠᠳ | ᠲᠦᠮᠡᠨ ᠢᠶᠠᠷ ᠭᠤᠤᠯ ᠪᠣᠯᠭᠠᠬᠤ︾ ᠠᠵᠢᠯ ᠤᠨ ᠣᠨᠣᠯᠵᠢᠬᠤᠨ ᠢ ᠭᠦᠢᠴᠡᠳ ᠢᠯᠡᠷᠡᠭᠦᠯᠬᠦ ᠬᠡᠷᠡᠭᠲᠡᠶ᠃ | ︵ᠠᠷᠪᠠᠨ ᠳᠣᠯᠤᠭ᠎ᠠ︶ ᠲᠠᠷᠢᠶᠠᠴᠢᠨ ᠠᠷᠠᠳ ᠲᠤ ᠠᠰᠢᠭ ᠬᠦᠷᠲᠡᠭᠡᠬᠦ ᠮᠠᠯᠴᠢᠳ ᠲᠤ ᠠᠰᠢᠭ ᠬᠦᠷᠲᠡᠭᠡᠬᠦ | ᠪᠠᠯᠠ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ᠃ ᠲᠠᠷᠢᠶᠠᠴᠢᠳ ᠲᠤ ᠠᠰᠢᠭ | ᠬᠦᠷᠲᠡᠭᠡᠬᠦ ᠮᠠᠯᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢ ᠢᠯᠡ ᠪᠣᠯᠭᠠᠬᠤ᠂ ᠢᠯᠡ ᠨᠡᠶᠢᠲᠡᠯᠡᠬᠦ ᠬᠠᠮᠢᠶ᠎ᠠ | ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠰᠢᠶᠠᠩ ᠪᠠᠯᠭᠠᠰᠤ ᠶᠢᠨ ᠱᠠᠲᠤᠨ ᠳᠤ ᠬᠦᠷᠲᠡᠯ᠎ᠡ | ᠤᠷᠲᠤᠳᠬᠠᠬᠤ ᠶᠢᠨ ᠬᠠᠮᠲᠤ ᠲᠣᠰᠬᠤᠨ ᠤ ᠱᠠᠲᠤᠨ ᠤ ᠪᠠᠯᠠ ᠮᠥᠩᠭᠦ ᠶᠢ ᠬᠤᠷᠢᠶᠠᠩᠭᠤᠶᠢᠯᠠᠨ ᠢᠯᠡ ᠨᠡᠶᠢᠲᠡᠯᠡᠬᠦ᠂ | ᠳᠠᠩᠰᠠᠯᠠᠬᠤ ᠠᠵᠢᠯ ᠢ ᠴᠢᠩᠭᠠᠳᠬᠠᠨ᠎ᠠ᠃ | ᠵᠢᠷᠭᠤᠭ᠎ᠠ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ | ︵ᠠᠷᠪᠠᠨ ᠨᠠᠢᠮᠠ︶ ᠵᠠᠰᠠᠭ ᠤᠨ ᠣᠷᠳᠣᠨ ᠤ ᠠᠯᠪᠠᠨ ᠮᠡᠳᠡᠭᠡ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ | ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠷᠬᠡ ᠰᠦᠷᠲᠦ ᠪᠠᠷᠢᠮᠵᠢᠶᠠᠲᠤ ᠲᠣᠪᠬᠢᠮᠠᠯ ᠤᠨ ᠦᠢᠯᠡᠳᠦᠯ ᠢ | ᠦᠨᠡᠨᠬᠦ ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠪᠡᠯᠡᠭᠯᠡᠵᠦ ᠦᠵᠡᠭᠦᠯᠬᠦ ᠠᠵᠢᠯ ᠢ ᠦᠨᠡᠨᠬᠦ ᠰᠠᠶᠢᠲᠤᠷ ᠬᠢᠨ᠎ᠠ᠃ | ᠪᠣᠳᠠᠲᠤ ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ | ᠴᠢᠬᠤᠯᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠮᠠᠲ᠋ᠧᠷᠢᠶᠠᠯ ᠪᠠ ᠭᠤᠤᠯᠳᠠᠯᠭ᠎ᠠ ᠲᠠᠢ ᠬᠦᠷᠢᠶᠡᠨ ᠳᠠᠬᠢ | ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ ᠬᠡᠪᠴᠢᠶᠡᠨ ᠳᠤ ᠣᠷᠣᠭᠤᠯᠤᠨ᠎ᠠ᠃ ᠵᠠᠰᠠᠭ ᠤᠨ | ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠨᠡᠶᠢᠲᠡᠯᠡᠬᠦ ᠠᠵᠢᠯ ᠢ ᠵᠡᠷᠭᠡᠪᠡᠷ ᠰᠠᠶᠢᠲᠤᠷ ᠬᠢᠵᠦ᠂ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ | ︵ᠠᠷᠪᠠ ᠶᠢᠰᠦ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠢ | ᠵᠢᠷᠤᠮᠵᠢᠭᠤᠯᠤᠨ ᠪᠠᠶᠢᠷᠢᠯᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠮᠡᠳᠡᠭᠡ ᠵᠠᠩᠭᠢ ᠶᠢ ᠢᠯᠡ | ᠪᠣᠯᠭᠠᠬᠤ ᠵᠦᠭᠯᠡᠭᠦᠷ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ | ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠶᠢᠨ ᠠᠵᠢᠯ ᠤᠨ ᠮᠡᠳᠡᠭᠦᠯᠦᠯᠲᠡ ᠶᠢᠨ ᠬᠦᠰᠦᠨᠦᠭᠲᠦ᠂ ᠭᠤᠶᠤᠴᠢᠯᠠᠯ ᠢ | ᠦᠨᠳᠦᠰᠦᠯᠡᠨ ᠢᠯᠡ ᠪᠣᠯᠭᠠᠬᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠪᠤᠯᠤᠩ ᠢ | ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠡᠯ᠎ᠡ ᠨᠢᠭᠡᠴᠡ ᠨᠦᠭᠦᠳ ᠬᠠᠮᠠᠭᠠᠯᠠᠵᠤ ᠪᠠᠲᠤᠯᠠᠬᠤ ᠪᠤᠯᠤᠩ ᠤᠨ | ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠶᠢ ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ᠂ ᠲᠥᠪᠯᠡᠷᠡᠭᠦᠯᠦᠨ᠂ ᠵᠢᠷᠤᠮᠵᠢᠭᠤᠯᠤᠨ | ᠨᠡᠶᠢᠲᠡᠯᠡᠬᠦ ᠬᠡᠷᠡᠭᠲᠡᠶ᠃ | ︵ᠬᠤᠷᠢ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠦᠢᠯᠡᠳᠦᠯᠴᠡᠨ ᠰᠣᠯᠢᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠶᠠᠪᠤᠳᠠᠯ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ︶ ᠶᠢ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ | ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠵᠢᠯᠯᠠᠭᠤᠯᠵᠤ | ᠪᠠᠲᠤᠯᠠᠬᠤ ᠬᠠᠮᠢᠶᠠᠷᠤᠯᠲᠠ ᠶᠢᠨ ᠠᠮᠤᠷ ᠲᠦᠪᠰᠢᠨ ᠢ ᠪᠠᠲᠤᠯᠠᠨ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠦᠨ ᠥᠭᠡᠷᠡᠴᠢᠯᠡᠬᠦ | ᠠᠬᠢᠴᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠮᠣᠩᠭᠤᠯ ᠬᠡᠯᠡᠨ ᠤ ᠰᠦᠯᠵᠢᠶᠡᠨ ᠥᠷᠲᠡᠭᠡ ︵ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ︶ ᠶᠢᠨ ᠠᠵᠢᠯ ᠢ ᠴᠢᠩᠭᠠᠳᠬᠠᠵᠤ᠂ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠪᠠᠲᠤᠯᠠᠨ᠂ | ᠴᠢᠬᠤᠯᠠ ᠠᠭᠤᠯᠭ᠎ᠠ ᠶᠢ ᠣᠷᠴᠢᠭᠤᠯᠤᠨ ᠳᠠᠮᠵᠢᠭᠤᠯᠬᠤ ᠠᠵᠢᠯ ᠢ ᠰᠠᠶᠢᠲᠤᠷ ᠬᠢᠵᠦ᠂ ᠮᠣᠩᠭᠤᠯ ᠬᠡᠯᠡᠨ ᠤ ᠬᠡᠪᠯᠡᠯ ᠤᠨ | ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ | ᠲᠤᠯᠤᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠲᠠᠢ ᠤᠶᠠᠯᠳᠤᠭᠤᠯᠤᠨ ᠬᠢᠨᠠᠯᠲᠠ ᠲᠠᠯᠪᠢᠵᠤ ᠪᠠᠲᠤᠯᠠᠬᠤ ᠶᠢ | ᠴᠢᠩᠭᠠᠷᠠᠭᠤᠯᠬᠤ ᠬᠡᠷᠡᠭᠲᠡᠶ | ︵ᠬᠤᠷᠢᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ | ᠪᠠᠯᠭᠠᠰᠤ᠂ ᠡᠯ᠎ᠡ ᠨᠢᠭᠡᠴᠡ ᠨᠦᠭᠦᠳ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠰᠠᠭᠤᠳᠠᠯ ᠢ | ᠰᠤᠳᠤᠯᠤᠨ ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ | ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠵᠢᠯᠲᠠᠨ᠂ ᠲᠥᠬᠦᠭᠡᠷᠦᠮᠵᠢ᠂ ᠵᠠᠷᠤᠳᠠᠯ ᠵᠡᠷᠭᠡ ᠶᠢᠨ | ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠦᠢᠯ ᠤᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ︵ᠬᠤᠷᠢᠨ ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ | ᠰᠢᠶᠠᠩ ᠪᠠᠯᠭᠠᠰᠤ᠂ ᠡᠯ᠎ᠡ ᠨᠢᠭᠡᠴᠢ ᠶᠢᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ | ᠰᠢᠶᠠᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠨ ᠡᠭᠦᠷᠭᠡ ᠶᠢᠨ ᠬᠤᠪᠢᠶᠠᠷᠢᠯᠠᠯᠲᠠ ᠶᠢ ᠰᠠᠶᠢᠲᠤᠷ ᠬᠢᠵᠦ᠂ | ᠠᠵᠢᠯ ᠢᠶᠠᠨ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠡᠯ᠎ᠡ ᠱᠠᠲᠤ᠂ ᠡᠯ᠎ᠡ ᠲᠥᠷᠥᠯ ᠤᠨ ᠵᠠᠷᠯᠠᠯ ᠤᠨ | ᠳᠤᠮᠳᠠ ᠢᠯᠡᠷᠡᠭᠰᠡᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠶ ᠳᠤᠨᠢ | ᠬᠠᠷᠢᠭᠤ ᠲᠤᠰᠬᠠᠬᠤ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠡᠯ᠎ᠡ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ | ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |