ᠰᠢᠶᠠᠨ ᠤ ᠤᠳᠤᠷᠢᠳᠤᠯᠭ᠎ᠠ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/8/2
     8 ᠰᠠᠷ᠎ᠠ ᠶᠢᠨ 1 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠪᠣᠯᠤᠨ ᠰᠢᠶᠠᠨ ᠤ ᠤᠳᠤᠷᠢᠳᠤᠯᠭ᠎ᠠ ᠯᠢ ᠼᠠᠢ ᠴᠢᠩ᠂ ᠾᠧ ᠶᠢᠩ ᠽᠢ᠂ ᠵᠢᠶᠤᠤ ᠴᠦᠨ ᠶᠦᠩ ᠨᠡᠷ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠭᠡᠷ ᠲᠤ ᠤᠷᠢᠳ ᠬᠤᠵᠢᠳ ᠬᠦᠷᠴᠦ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠪᠣᠯᠤᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠵᠠᠶ᠃      ᠲᠣᠬᠤᠨᠢᠭᠤᠯᠬᠤ ᠶᠠᠪᠤᠴᠠ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠠᠢ ᠳᠤ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ ᠵᠢᠯᠣᠭᠤᠴᠢ ᠦᠭᠡᠢ ᠨᠢᠰᠬᠡᠯ ᠤᠨ ᠭᠠᠯ ᠤᠨᠲᠠᠷᠠᠭᠠᠬᠤ ᠰᠢᠰᠲ᠋ᠧᠮ᠂ ᠥᠨᠳᠥᠷ ᠲᠡᠰ ᠤᠨ ᠭᠠᠯ ᠤᠨᠲᠠᠷᠠᠭᠠᠬᠤ ᠵᠢᠯᠣᠭᠤᠴᠢ ᠦᠭᠡᠢ ᠨᠢᠰᠬᠡᠯ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠲᠣᠭᠤᠷᠢᠨ ᠦᠵᠡᠵᠦ᠂ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠸᠠᠩ ᠬᠤᠢ ᠢᠦᠶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠰᠢᠩ ᠰᠢᠩ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ ᠲᠡᠷᠡ ᠬᠡᠯᠡᠭᠰᠡᠨ ᠨᠢ᠂ ᠤᠷᠲᠤ ᠬᠤᠭᠤᠴᠠᠭᠠᠨ ᠤ ᠲᠤᠷᠰᠢ ᠰᠢᠩ ᠰᠢᠩ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯ ᠭᠠᠮᠰᠢᠭ ᠠᠴᠠ ᠠᠪᠤᠷᠠᠬᠤ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠶᠢᠨ ᠳᠤᠮᠳᠠ ᠢᠮᠠᠭᠲᠠ ᠡᠮᠦᠨ᠎ᠡ ᠨᠢ ᠭᠠᠪᠰᠢᠭᠠᠶᠢᠯᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠮᠠᠨᠳᠤᠯ ᠳᠤ ᠰᠠᠭᠤᠭ᠎ᠠ ᠥᠷᠭᠡᠨ ᠤᠯᠠᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠠᠷᠠᠳ ᠤᠨ ᠴᠡᠷᠢᠭ ᠠᠩᠬᠢ ᠶᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠬᠢᠨ ᠰᠡᠳᠬᠢᠯ ᠨᠢᠭᠡᠳᠦᠨ ᠮᠠᠨᠳᠤᠭᠤᠯᠬᠤ ᠪᠠ ᠡᠯ᠎ᠡ ᠵᠦᠢᠯ ᠤᠨ ᠠᠵᠢᠯ ᠢᠶᠠᠨ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠳ᠋ᠠ ᠲᠦᠩ ᠶᠣᠣ ᠰᠢᠶᠠᠩ ᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠸᠠᠩ ᠳ᠋ᠢᠶᠠᠨ ᠾᠧᠩ ᠤᠨ ᠭᠡᠷ ᠲᠤ᠂ ᠸᠠᠩ ᠬᠤᠢ ᠢᠦᠢ ᠲᠡᠳᠡᠨ ᠤ ᠤᠯᠤᠰ ᠭᠡᠷ ᠢᠶᠠᠨ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠣᠬᠤᠨᠢᠭᠤᠯᠬᠤ ᠮᠥᠩᠭᠦ ᠪᠣᠯᠤᠨ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠢ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ ᠵᠠᠬᠢᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠠᠭᠠᠯᠵᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠲᠡᠳᠡᠨ ᠢ ᠢᠳᠡᠪᠬᠢᠲᠡᠶ ᠪᠠᠷ ᠬᠠᠪᠰᠤᠷᠤᠨ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠠᠬᠠᠮᠠᠳ ᠴᠡᠷᠢᠭ ᠠᠴᠠ ᠬᠠᠯᠠᠭᠳᠠᠭᠰᠠᠳ ᠲᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠬᠦᠷᠲᠡᠭᠡᠬᠦ ᠬᠡᠷᠡᠭᠲᠡᠶ ᠭᠡᠵᠦ ᠱᠠᠭᠠᠷᠳᠠᠵᠠᠶ᠃                                  ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3