ᠰᠢᠩ ᠾᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠰᠠᠭᠤᠷᠢ ᠲᠠᠯᠪᠢᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2023/8/2
      ᠵᠤᠵᠠᠭᠠᠨ ᠬᠤᠷᠠᠮᠳᠤᠭᠤᠯᠵᠤ ᠨᠢᠮᠭᠡᠨ ᠭᠡᠵᠢᠭᠡ ᠪᠠᠷ ᠠᠤᠭ᠎ᠠ ᠰᠠᠭᠤᠷᠢ ᠶᠢ ᠲᠠᠯᠪᠢᠵᠤ᠂ ᠰᠢᠨ᠎ᠡ ᠶᠢ ᠡᠭᠦᠳᠬᠦ ᠪᠠᠷ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠮᠤᠢ᠃ 7 ᠰᠠᠷ᠎ᠠ ᠶᠢᠨ 31 ᠤ ᠡᠳᠦᠷ᠂ ᠰᠢᠩ ᠾᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠰᠠᠭᠤᠷᠢ ᠲᠠᠯᠪᠢᠬᠤ ᠶᠣᠰᠣᠯᠠᠯ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠡᠬᠢᠯᠡᠪᠡ᠃ ᠰᠢᠶᠠᠨ ᠤ ᠤᠳᠤᠷᠢᠳᠤᠯᠭ᠎ᠠ ᠶᠠᠩ ᠵᠧᠨ ᠳ᠋ᠦᠩ᠂ ᠶᠤᠸᠠᠨ ᠢ ᠶᠢᠨ᠂ ᠬᠥᠩ ᠰᠢᠤ ᠯᠦᠩ ᠂ ᠾᠧᠦ ᠶᠢᠩ᠂ ᠯᠢ ᠵᠢᠶᠦ᠋ᠨ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ᠃      ᠰᠠᠭᠤᠷᠢ ᠲᠠᠯᠪᠢᠬᠤ ᠶᠣᠰᠣᠯᠠᠯ ᠳᠡᠭᠡᠷ᠎ᠡ᠂ ᠰᠢᠩ ᠡᡁᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠬᠥᠩ ᠰᠢᠤ ᠯᠦᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠶᠠᠷᠢᠶ᠎ᠠ ᠲᠠᠯᠪᠢᠵᠤ᠂ ᠲᠡᠷᠡ᠂ ᠰᠢᠩ ᠡᡁᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠣᠷᠣᠯᠴᠠᠭᠰᠠᠨ ᠨᠢ ᠮᠠᠨ ᠤ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠬᠦ ᠳᠤ᠂ ︽ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ︾᠂ ︽ᠰᠢᠨ᠎ᠡ ᠰᠣᠷᠭᠤᠭ ᠨᠣᠭᠤᠭ᠎ᠠ ᠶᠢ ᠪᠡᠭᠡᠵᠢᠩ ᠳᠤ ᠣᠷᠣᠭᠤᠯᠬᠤ︾᠂ ︽ᠤᠷᠢᠳᠴᠢᠯᠠᠨ ᠬᠢᠭᠰᠡᠨ ᠢᠳᠡᠭᠡᠨ ᠢ ᠪᠡᠭᠡᠵᠢᠩ ᠳᠤ ᠣᠷᠣᠭᠤᠯᠬᠤ︾ ᠭᠤᠷᠪᠠᠨ ᠠᠵᠢᠯ ᠢ ᠬᠦᠴᠦᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠲᠥᠪ ᠲᠣᠭᠤᠭᠠᠨ ᠭᠡᠷ︾ ᠢ ᠪᠠᠶᠢᠭᠤᠯᠵᠤ᠂ ᠨᠡᠶᠢᠰᠯᠡᠯ ᠳᠤ ᠬᠠᠨᠳᠤᠭᠤᠯᠤᠭᠰᠠᠨ ︽ᠲᠤᠮᠤ ᠨᠣᠭᠤᠭ᠎ᠠ ᠶᠢᠨ ᠬᠦᠷᠢᠶᠡᠯᠡᠩ︾ ᠢ ᠲᠦᠷᠭᠡᠨ ᠪᠠᠶᠢᠭᠤᠯᠬᠤ ᠳᠤ ᠰᠢᠨ᠎ᠡ ᠳᠠᠪᠠᠭᠤᠯᠢᠭ ᠢ ᠪᠤᠢ ᠪᠣᠯᠭᠠᠭᠰᠠᠨ ᠪᠠᠶᠢᠨ᠎ᠠ ᠭᠡᠵᠦ ᠬᠡᠯᠡᠪᠡ᠃ ᠰᠢᠩ ᠡᡁᠧ ᠰᠢᠶᠠᠨ ᠤ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ᠂ ᠠᠵᠤ ᠠᠬᠤᠶᠢᠯᠠᠯ ᠳᠤ ᠪᠤᠶᠠᠨ ᠦᠢᠯᠡᠳᠬᠦ ᠤᠬᠠᠮᠰᠠᠷ ᠪᠣᠯᠤᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ︕      ᠣᠶᠢᠯᠠᠭᠠᠭᠰᠠᠨ ᠢᠶᠠᠷ᠂ ᠰᠢᠩ ᠾᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠵᠢᠱᠢᠯᠲᠡ ᠪᠠᠷ 6000 ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ 18282 ᠲᠡᠭᠰᠢ ᠳᠥᠷᠪᠡᠯᠵᠢᠨ ᠮᠧᠲᠷ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠰ ᠭᠠᠵᠠᠷ ᠤᠨ ᠠᠵᠤ  ᠦᠢᠯᠡᠰ ᠤᠨ ᠰᠠᠭᠤᠷᠢᠨ ᠭᠠᠵᠠᠷ ᠢ ᠪᠠᠷᠤᠭ 23000 ᠮᠥ ᠬᠠᠮᠤᠷᠴᠤ᠂ ᠲᠤᠬᠠᠶ ᠶᠢᠨ ᠭᠠᠵᠠᠷ ᠤᠨ ᠠᠵᠢᠯ ᠣᠯᠤᠭᠰᠠᠳ ᠢ 200 ᠣᠷᠴᠢᠮ ᠳᠠᠶᠢᠴᠢᠯᠠᠨ᠂ ᠵᠢᠯ ᠤᠨ ᠦᠢᠯᠡᠳᠭᠦᠨ ᠤ ᠥᠷᠲᠡᠭ ᠢ 5500 ᠲᠦᠮᠡᠨ ᠲᠥᠭᠦᠷᠢᠭ ᠪᠡᠶᠡᠯᠡᠭᠦᠯᠵᠦ᠂ ᠠᠵᠤ ᠠᠬᠤᠶ ᠶᠢᠨ ᠪᠠ ᠨᠡᠶᠢᠭᠡᠮ ᠤᠨ ᠰᠠᠶᠢᠨ ᠦᠷ᠎ᠡ ᠠᠰᠢᠭ ᠲᠠᠢ ᠪᠣᠯᠭᠠᠨ᠎ᠠ᠃      ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠬᠦᠨᠳᠦᠲᠦ ᠵᠣᠴᠢᠳ ᠬᠠᠮᠲᠤ ᠪᠠᠷ ᠬᠦᠷᠵᠡ ᠬᠤᠷᠦ᠋ᠢᠯᠠᠵᠤ ᠡᠯᠡᠰᠦ ᠬᠤᠰᠤᠵᠤ᠂ ᠰᠢᠷᠣᠢ ᠨᠡᠮᠡᠵᠦ ᠰᠠᠭᠤᠷᠢ ᠲᠠᠯᠪᠢᠭᠰᠠᠨ ᠨᠢ ᠰᠢᠩ ᠡᡁᠧ ᠰᠢᠶᠠᠨ ᠤ ᠴᠢᠩ ᠱᠠᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3