ᠰᠢᠩ ᠾᠧ ᠰᠢᠶᠠᠨ ᠤ 2023 ᠣᠨ ᠤ ᠳᠣᠣᠷ᠎ᠠ ᠬᠠᠭᠠᠰ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠲᠠᠢ ᠡᠭᠦᠷᠭᠡ
ᠨᠡᠶᠢᠲᠡᠯᠡᠭᠰᠡᠨ ᠴᠠᠭ᠄
2023/8/2
      ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠣᠯ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤ ᠭᠦᠢᠴᠡᠳᠬᠡᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠠᠭᠤᠯᠭ᠎ᠠ ᠮᠥᠨ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠲᠦᠯᠬᠢᠨ ᠠᠬᠢᠭᠤᠯᠵᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠤᠰ ᠭᠤᠣᠯᠳᠠᠯᠭ᠎ᠠ ᠶᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠰᠤᠷᠲᠠᠯ ᠢ ᠰᠠᠶᠢᠵᠢᠷᠠᠭᠤᠯᠤᠨ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢ ᠲᠦᠷᠭᠡᠪᠴᠢᠯᠡᠨ ᠬᠤᠪᠢᠷᠠᠭᠤᠯᠵᠤ᠂ ᠢᠯᠡ ᠪᠣᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠬᠢᠨᠠᠯᠲᠠ ᠲᠠᠯᠪᠢᠬᠤ ᠶᠢ ᠳᠡᠮᠵᠢᠬᠦ᠂  ᠦᠢᠯᠡᠴᠢᠯᠡᠭᠡ ᠶᠢ ᠴᠢᠩᠭᠠᠳᠬᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ  ᠭᠦᠢᠴᠡᠳᠭᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠢᠯᠡ ᠲᠣᠳᠣ ᠶᠢᠨ ᠬᠡᠮᠵᠢᠶ᠎ᠡ ᠪᠠᠷ ᠥᠨᠳᠥᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠰᠢᠯᠢᠳᠡᠭ ᠰᠢᠩ ᠾᠧ ᠰᠢᠶᠠᠨ ᠢ ᠴᠢᠷᠮᠠᠶᠢᠨ ᠪᠠᠶᠢᠭᠤᠯᠤᠨ᠎ᠠ᠃      ︵ᠬᠤᠶᠠᠷ︶ ᠠᠵᠢᠯ ᠤᠨ ᠬᠠᠷᠠᠯᠲᠠ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠳᠠᠲᠠᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠮᠢᠶᠠᠷᠤᠯᠲᠠ ᠪᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠬᠡᠷᠡᠭᠴᠡᠭᠡ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ᠂ ᠢᠯᠡ ᠪᠣᠯᠭᠠᠬᠤ ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠢᠯᠡ ᠪᠣᠯᠭᠠᠬᠤ ᠶᠠᠰᠤ ᠴᠢᠨᠠᠷ ᠪᠠ ᠭᠦᠨᠴᠡ ᠶᠢ ᠴᠢᠬᠤᠯᠠᠴᠢᠯᠠᠬᠤ ᠳᠠᠰᠢ ᠬᠤᠪᠢᠷᠠᠭᠤᠯᠬᠤ᠂ ︽ᠭᠠᠭᠴᠠ ᠴᠢᠭᠯᠡᠯ ᠢᠶᠠᠷ ᠭᠠᠳᠠᠭᠰᠢ ᠭᠠᠷᠭᠠᠬᠤ︾ ᠪᠠᠶᠢᠭᠰᠠᠨ ᠠᠴᠠ ︽ᠬᠤᠤᠰ ᠴᠢᠭᠯᠡᠯ ᠢᠶᠠᠷ ᠤᠷᠤᠭᠰᠢᠯᠠᠬᠤ︾ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠳᠥᠯᠭᠢᠨ ᠠᠬᠢᠭᠤᠯᠪᠠ᠃ ᠡᠷᠬᠡ ᠰᠦᠷ ᠲᠠᠢ᠂ ᠪᠥᠬᠦ ᠲᠠᠯ᠎ᠠ ᠶᠢᠨ᠂ ᠴᠠᠭ ᠲᠤᠬᠠᠶ ᠳᠤᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢ ᠴᠢᠷᠮᠠᠶᠢᠨ ᠪᠠᠶᠢᠭᠤᠯᠵᠤ᠂ ᠢᠯᠡ ᠪᠣᠯᠭᠠᠬᠤ ᠮᠡᠳᠡᠭᠡ ᠵᠠᠩᠭᠢ ᠶᠢᠨ ᠬᠡᠷᠡᠭᠯᠡᠭᠡᠨ ᠤ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠤᠨ᠂ ᠵᠠᠰᠠᠭ ᠪᠠ ᠠᠷᠠᠳ ᠤᠨ ᠬᠠᠷᠢᠯᠴᠠᠨ ᠦᠢᠯᠡᠳᠦᠯᠴᠡᠭᠰᠡᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠠᠷᠠᠳ ᠣᠯᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃      ᠬᠤᠶᠠᠷ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ      ︵ᠭᠤᠷᠪᠠ︶ ᠭᠤᠣᠯᠳᠠᠯᠭ᠎ᠠ ᠲᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ  ᠢ ᠴᠢᠨᠠᠷ ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ᠂ ᠲᠠᠪᠤᠨ ᠶᠡᠭᠡ ᠡᠭᠦᠷᠭᠡ ᠶᠢ ᠪᠥᠲᠥᠭᠡᠨ ᠪᠠᠶᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠶᠠᠯᠳᠤᠭᠤᠯᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ︔ ᠬᠥᠭᠵᠢᠯᠲᠡ ᠶᠢᠨ ᠰᠢᠨ᠎ᠡ ᠣᠨᠣᠯᠵᠢᠬᠤᠨ ᠢ ᠴᠠᠭ ᠲᠤᠬᠠᠶ ᠳᠤᠨᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠣᠲᠣ ᠦᠶ᠎ᠡ ᠶᠢᠨ ᠠᠵᠤ  ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠪᠠ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠴᠣᠭᠴᠠᠯᠠᠬᠤ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠢᠯᠡ ᠪᠣᠯᠭᠠᠨ᠎ᠠ᠃      ︵ᠳᠥᠷᠪᠡ︶ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠣᠯᠭᠠᠨ᠎ᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠲᠣᠭᠤᠷᠢᠨ ᠳᠤ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠂ ︽ᠬᠠᠭᠠᠰ ᠳᠤᠲᠠᠭᠤ︾ ᠢᠨᠵᠧᠨᠧᠷᠢᠩ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠂ ᠳᠠᠷᠤᠭᠳᠠᠮᠠᠯ ᠪᠠᠯᠠ ᠮᠥᠩᠭᠦ ᠶᠢᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠲᠤᠰᠬᠠᠶ ᠵᠦᠢᠯ ᠤᠨ ᠠᠵᠢᠯᠯᠠᠭ᠎ᠠ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ᠃ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ᠂ ᠰᠤᠯᠠ ᠲᠠᠯᠪᠢᠭᠰᠠᠨ ᠨᠢᠭᠡ ᠭᠠᠵᠠᠷ ᠠᠴᠠ ᠡᠬᠢᠯᠡᠨ ᠰᠢᠩᠭᠡᠭᠡᠵᠦ ᠰᠢᠢᠳᠪᠦᠷᠢᠯᠡᠬᠦ ᠠᠵᠢᠯ ᠢ ᠶᠡᠭᠡ ᠪᠠᠷ ᠬᠢᠵᠦ᠂ ᠲᠦᠷᠢᠮ ᠤᠨ ᠪᠠᠶᠢᠭᠤᠯᠤᠯᠲᠠ᠂ ᠠᠵᠢᠯ ᠤᠨ ᠠᠬᠢᠭᠤᠯᠤᠯ ᠵᠡᠷᠭᠡ ᠲᠠᠯ᠎ᠠ ᠠᠴᠠ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠲᠠᠪᠤ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ᠂ ᠠᠷᠠᠯᠵᠢᠶᠠᠴᠢᠨ ᠤᠷᠢᠬᠤ ᠲᠥᠷᠥᠯ ᠵᠦᠢᠯ᠂ ᠠᠷᠠᠯᠵᠢᠶᠠᠴᠢᠨ ᠤᠷᠢᠵᠤ ᠪᠠᠯᠠ ᠣᠷᠣᠭᠤᠯᠤᠯᠲᠠ ᠶᠢᠨ ᠳᠠᠪᠠᠭᠤᠯᠢᠭ ᠪᠠ ᠤᠨᠴᠠᠯᠢᠬᠳᠤ ᠠᠵᠤ ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ ᠶᠢᠨ ᠨᠥᠬᠦᠪᠥᠷᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠬᠠᠪᠰᠤᠷᠤᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠠᠵᠢᠯ ᠢ ᠴᠢᠩᠭᠠᠳᠬᠠᠨ᠎ᠠ᠃      ᠭᠤᠷᠪᠠ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ      ︵ᠵᠢᠷᠭᠤᠭ᠎ᠠ︶ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠠ᠃ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠰᠠᠨᠠᠯ ᠬᠤᠷᠢᠶᠠᠬᠤ ᠨᠣᠤᠷᠠᠭ ᠢ ᠴᠠᠭ ᠲᠤᠬᠠᠶ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠦᠯ ᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ᠰᠠᠨᠠᠯ ᠬᠤᠷᠢᠶᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ ᠲᠥᠷᠥ ᠶᠢᠨ ᠪᠣᠳᠣᠯᠭ᠎ᠠ ᠲᠣᠭᠲᠠᠭᠠᠬᠤ ᠳᠤᠮᠳᠠ ᠪᠦᠲᠦᠮᠵᠢᠲᠡᠶ ᠢᠯᠡᠷᠡᠭᠦᠯᠬᠦ ᠬᠡᠷᠡᠭᠲᠡᠶ᠃      ︵ᠳᠣᠯᠤᠭ᠎ᠠ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠥᠷᠥᠯ ᠬᠤᠪᠢᠶᠠᠵᠤ᠂ ᠲᠥᠪᠯᠡᠷᠡᠭᠦᠯᠦᠨ ᠢᠯᠡ ᠪᠣᠯᠭᠠᠬᠤ ᠶᠢ ᠴᠢᠩᠭᠠᠳᠬᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠥᠪᠯᠡᠷᠡᠭᠦᠯᠦᠨ ᠵᠢᠷᠤᠮᠵᠢᠭᠤᠯᠵᠤ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠥᠮᠥᠷᠭᠡ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ︾ ᠲᠤᠰᠬᠠᠶ ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ ᠪᠣᠯᠭᠠᠵᠤ᠂ ᠲᠣᠭᠲᠠᠭᠠᠬᠤ ᠥᠭᠡᠷᠡᠴᠢᠯᠡᠬᠦ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠢᠯᠭᠠᠷᠠᠭᠤᠯᠵᠤ᠂ ᠰᠢᠨᠡᠳᠬᠡᠬᠦ ᠬᠡᠷᠡᠭᠲᠡᠶ᠃ ᠪᠢᠴᠢᠭ ᠮᠠᠲ᠋ᠧᠷᠢᠶᠠᠯ ᠤᠨ ᠬᠠᠷᠢᠶᠠᠲᠤ ᠴᠢᠨᠠᠷ ᠢ ᠡᠬᠢ ᠡᠭᠦᠰᠦᠯ ᠠᠴᠠ ᠨᠢ ᠮᠠᠭᠠᠳᠯᠠᠨ ᠲᠣᠭᠲᠠᠭᠠᠬᠤ ᠠᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠲᠡᠭᠦᠯᠳᠡᠷᠵᠢᠭᠦᠯᠦᠨ᠂ ᠭᠤᠤᠯ ᠰᠡᠳᠦᠪ ᠤᠨ ᠬᠤᠪᠢᠶᠠᠷᠢᠯᠠᠯ ᠢ ᠦᠷᠭᠦᠯᠵᠢᠯᠡᠨ ᠳᠣᠭᠢᠷᠠᠭᠤᠯᠤᠨ ᠰᠢᠯᠢᠳᠡᠭᠵᠢᠭᠦᠯᠵᠦ᠂ ᠪᠦᠲᠦᠮᠵᠢᠲᠦ ᠴᠢᠨᠠᠷ ᠪᠤᠶᠤ ᠬᠦᠴᠦᠨ ᠲᠠᠢ ᠬᠤᠭᠤᠴᠠᠭ᠎ᠠ ᠶᠢ ᠢᠯᠡᠳᠲᠡ ᠢᠯᠡᠳᠬᠡᠨ᠎ᠡ᠃      ︵ ᠨᠠᠢᠮᠠ︶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠡᠷᠭᠡ ᠳᠤᠨᠢ ᠲᠤᠭᠤᠷᠪᠢᠬᠤ᠂ ᠵᠡᠷᠭᠡ ᠳᠤᠨᠢ ᠬᠢᠨᠠᠨ ᠭᠠᠷ ᠤᠨ ᠥᠰᠥᠭ ᠵᠢᠷᠤᠬᠤ᠂ ᠵᠡᠷᠭᠡ ᠳᠤᠨᠢ ᠨᠡᠶᠢᠲᠡᠯᠡᠬᠦ ︽ᠭᠤᠷᠪᠠ ᠶᠢ ᠵᠡᠷᠭᠡ ᠳᠤᠨᠢ ᠬᠢᠬᠦ︾ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ ᠶᠣᠰᠣᠲᠠᠶ ᠶᠢ ᠨᠢ ᠴᠥᠮ ᠤᠩᠰᠢᠨ ᠲᠠᠶᠢᠯᠪᠤᠷᠢᠯᠠᠬᠤ︾ ᠶᠢ ᠪᠡᠶᠡᠯᠡᠭᠦᠯᠦᠨ᠎ᠡ᠃ ᠲᠠᠶᠢᠯᠤᠮᠵᠢ ᠬᠢᠬᠦ ᠮᠠᠲ᠋ᠧᠷᠢᠶᠠᠯ ᠳᠤ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠮᠥᠨ ᠴᠢᠨᠠᠷ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠶᠢ ᠬᠡᠷᠡᠭᠯᠡᠨ᠂ ᠵᠢᠷᠤᠭ ᠤᠨ ᠲᠠᠶᠢᠯᠪᠤᠷᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠲᠠᠶᠢᠯᠤᠮᠵᠢ ᠬᠢᠬᠦ ᠶᠢᠨ ᠬᠠᠮᠲᠤ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ ᠲᠠᠯ᠎ᠠ ᠪᠠᠷ ᠣᠨᠣᠪᠴᠢᠲᠠᠶ ᠳᠠᠮᠵᠢᠭᠤᠯᠬᠤ ᠬᠡᠷᠡᠭᠲᠡᠶ᠃ ᠴᠢᠬᠤᠯᠠ ᠲᠦᠷᠦ ᠶᠢᠨ ᠪᠤᠳᠤᠯᠭ᠎ᠠ ᠶᠢ ᠨᠡᠶᠢᠲᠡᠯᠡᠬᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠴᠢᠬᠤᠯᠠ ᠶᠡᠭᠡ ᠬᠡᠷᠡᠭ ᠶᠠᠪᠤᠳᠠᠯ ᠡᠭᠦᠰᠬᠦ ᠦᠶ᠎ᠡ ᠳᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠮᠡᠳᠡᠭᠡ ᠵᠠᠩᠭᠢ ᠨᠡᠶᠢᠲᠡᠯᠡᠬᠦ᠂ ᠡᠷᠬᠡ ᠰᠦᠷ ᠲᠠᠢ ᠪᠠᠷ ᠳᠤᠬᠢᠷᠠᠭᠤᠯᠭ᠎ᠠ ᠲᠣᠭᠲᠠᠭᠠᠬᠤ᠂ ᠤᠬᠠᠮᠰᠠᠷ ᠠᠴᠠ ᠪᠠᠨ ᠪᠣᠭᠤᠮᠲᠠ ᠰᠠᠬᠢᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠲᠦᠷᠦ ᠶᠢᠨ ᠪᠤᠳᠤᠯᠭ᠎ᠠ ᠶᠢ ᠲᠦᠷᠦᠭᠦᠯᠡᠨ ᠲᠠᠶᠢᠯᠪᠤᠷᠢᠯᠠᠵᠤ᠂ ᠵᠢᠱᠢᠯᠲᠡ ᠶᠢ ᠰᠠᠨᠠᠭᠠᠴᠢᠯᠠᠭ᠎ᠠ ᠠᠴᠠ ᠪᠠᠨ ᠬᠦᠳᠦᠯᠦᠨ ᠵᠢᠯᠣᠭᠤᠳᠬᠤ ᠬᠡᠷᠡᠭᠲᠡᠢ᠃ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠵᠢᠷᠤᠭ ᠦᠰᠦᠭ ᠵᠢᠷᠤᠭ ᠬᠦᠰᠦᠨᠦᠭᠲᠦ᠂ ᠳᠠᠭᠤᠨ ᠳᠠᠪᠲᠠᠮᠵᠢ ᠸᠢᠳᠢᠣ᠋᠂ ᠺᠠᠷᠲ᠋ᠣᠨ ᠵᠢᠷᠤᠭ ᠵᠡᠷᠭᠡ ᠬᠡᠯᠪᠡᠷᠢ ᠪᠠᠷ ᠲᠠᠶᠢᠯᠤᠮᠵᠢ ᠬᠢᠬᠦ ᠪᠠᠨ ᠴᠢᠩᠭᠠᠳᠬᠠᠬᠤ ᠬᠡᠷᠡᠭᠲᠡᠢ᠃        ᠳᠥᠷᠪᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠤᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ      ︵ᠶᠢᠰᠦ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ ᠪᠣᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠲᠤ ᠴᠢᠭᠯᠡᠭᠦᠯᠦᠨ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠦᠷᠦ ᠶᠢᠨ ᠪᠤᠳᠤᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠠ ᠬᠦᠷᠭᠡᠬᠦ ᠶᠠᠰᠤ ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠯᠲᠠ ᠶᠢᠨ  ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ᠬᠥᠮᠦᠰ ᠲᠤ ᠬᠠᠮᠢᠶ᠎ᠠ ᠪᠥᠬᠦᠶ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠮᠡᠳᠡᠭᠦᠯᠬᠦ ᠶᠢᠨ ᠬᠠᠮᠲᠤ ᠣᠯᠭᠤᠬᠤ ᠬᠡᠷᠡᠭᠲᠡᠶ᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠮᠡᠳᠡᠭᠦᠯᠦᠨ ᠬᠦᠷᠭᠡᠬᠦ ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ ᠵᠢᠴᠢ ᠦᠨᠡᠯᠡᠨ ᠲᠣᠭᠲᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠨ᠎ᠡ᠃      ︵ᠠᠷᠪᠠ︶ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠢᠯᠡ ᠪᠣᠯᠭᠠᠨ᠎ᠠ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ ᠪᠠ ᠠᠰᠠᠭᠤᠨ ᠯᠠᠪᠯᠠᠬᠤ ᠳ᠋ᠢᠶᠠᠩᠬᠤᠸᠠ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ ᠨᠡᠶᠢᠲᠡᠯᠡᠵᠦ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ ᠥᠨᠳᠥᠷ ᠨᠠᠰᠤᠨ ᠤ ᠨᠡᠮᠡᠭᠦᠷᠢ ᠵᠡᠷᠭᠡ ᠪᠠᠯᠠ ᠮᠥᠩᠭᠦ ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃      ︵ᠠᠷᠪᠠᠨ ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠡᠪᠴᠢᠶ᠎ᠡ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠰᠠᠶᠢᠲᠤᠷ ᠬᠢᠨ᠎ᠠ᠃ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃      ︵ᠠᠷᠪᠠᠨ ᠬᠤᠶᠠᠷ︶ ᠣᠯᠠᠨ ᠨᠡᠶᠢᠲᠡ ᠶᠢᠨ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ ᠴᠠᠭ᠂ ᠬᠠᠷᠢᠯᠴᠠᠬᠤ ᠳ᠋ᠢᠶᠠᠩᠬᠤᠸᠠ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠤ ᠬᠢᠨᠠᠯᠲᠠ ᠲᠠᠯᠪᠢᠵᠤ ᠪᠠᠶᠢᠴᠠᠭᠠᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃      ︵ᠠᠷᠪᠠᠨ ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃ ᠬᠤᠲᠠ ᠶᠢᠨ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ ᠬᠡᠮᠵᠢᠬᠦ᠂ ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠠᠰᠠᠭᠤᠨ ᠯᠠᠪᠯᠠᠬᠤ ᠠᠵᠢᠯ ᠢ  ᠴᠢᠩᠭᠠᠳᠬᠠᠨ᠎ᠠ᠃      ︵ᠠᠷᠪᠠᠨ ᠳᠥᠷᠪᠡ︶ ᠠᠶᠤᠯ ᠥᠬᠡᠶ ᠦᠢᠯᠡᠳᠪᠦᠷᠢᠯᠡᠯ᠂ ᠢᠳᠡᠭᠡᠨ ᠪᠠ ᠡᠮ ᠤᠨ  ᠵᠦᠢᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠠᠳᠡᠯ ᠤᠨ ᠭᠠᠮᠰᠢᠭ ᠤᠨ ᠲᠥᠷᠥᠯ ᠤᠨ ᠰᠡᠷᠭᠡᠭ ᠪᠤᠰᠤ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭ᠎ᠠ ᠠᠪᠤᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ  ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ ᠪᠣᠯᠭᠠᠬᠤ ᠪᠠᠷ ᠵᠢᠷᠤᠮᠵᠢᠯ ᠢ ᠠᠬᠢᠭᠤᠯᠤᠨ᠂  ᠦᠢᠯᠡᠴᠢᠯᠡᠭᠡ ᠶᠢ ᠳᠡᠭᠡᠭᠰᠢᠯᠡᠭᠦᠯᠦᠨ᠎ᠡ᠃      ᠲᠠᠪᠤ᠂ ᠪᠠᠷᠢᠮᠵᠢᠶᠠᠵᠢᠭᠤᠯᠬᠤ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠢᠶᠠᠨ ᠢᠯᠡ ᠪᠣᠯᠭᠠᠬᠤ ᠶᠢ ᠰᠠᠶᠢᠲᠤᠷ ᠬᠢᠬᠦ  ᠬᠡᠷᠡᠭᠲᠡᠢ      ︵ᠠᠷᠪᠠᠨ ᠲᠠᠪᠤ︶ ᠪᠠᠷᠢᠮᠵᠢᠶᠠᠵᠢᠭᠤᠯᠬᠤ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠪᠠᠷ ᠰᠠᠭᠤᠷᠢ ᠪᠣᠯᠭᠠᠨ᠂ ᠪᠣᠳᠠᠲᠠᠶ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠥᠬᠦ ᠰᠢᠶᠠᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ ᠠᠮᠵᠢᠯᠲᠠᠲᠠᠶ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ  ᠭᠦᠢᠴᠡᠳᠭᠡᠬᠦ ᠴᠢᠳᠠᠪᠤᠷᠢ ᠪᠠ ᠶᠠᠰᠤ ᠴᠢᠨᠠᠷ ᠢ ᠪᠥᠬᠦ ᠲᠠᠯ᠎ᠠ ᠪᠠᠷ ᠠᠬᠢᠭᠤᠯᠤᠨ᠎ᠠ᠃      ︵ᠠᠷᠪᠠᠨ ᠵᠢᠷᠭᠤᠭ᠎ᠠ︶ ᠭᠤᠶᠤᠴᠢᠯᠠᠯ ᠢᠶᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠢᠯ ᠤᠨ ᠦᠵᠡᠯᠲᠡ ᠪᠠᠨ ᠬᠤᠪᠢᠷᠠᠭᠤᠯᠵᠤ᠂ ᠭᠤᠶᠤᠴᠢᠯᠠᠭᠴᠢ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠭᠤᠶᠤᠴᠢᠯᠠᠭᠴᠢ ᠯᠤᠭ᠎ᠠ ᠶᠢᠨ ᠨᠡᠪᠲᠡᠷᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠤᠶᠢᠯᠠᠭᠠᠨ᠂  ᠰᠢᠢᠳᠪᠦᠷᠢᠯᠡᠵᠦ ᠬᠠᠷᠢᠭᠤᠯᠲᠠ ᠥᠭᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠶᠤᠴᠢᠯᠠᠯ ᠢ ᠦᠨᠳᠦᠰᠦᠯᠡᠨ ᠢᠯᠡ ᠪᠠᠷ ᠰᠢᠢᠳᠪᠦᠷᠢᠯᠡᠬᠦ ᠶᠠᠪᠤᠴᠠ ᠳᠠᠬᠢ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ ᠨᠣᠷᠮ᠎ᠠ᠂ ᠪᠤᠷᠤᠭᠤ ᠪᠠᠨ ᠵᠠᠯᠠᠷᠠᠭᠤᠯᠵᠤ ᠵᠠᠷᠭᠤ ᠢᠯᠠᠭᠳᠠᠬᠤ ᠨᠣᠷᠮ᠎ᠠ ᠶᠢ ᠪᠠᠭᠤᠷᠠᠭᠤᠯᠤᠨ᠎ᠠ᠃ ᠡᠯ᠎ᠡ ᠰᠢᠶᠠᠩ ᠪᠠᠯᠭᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠪᠠᠶᠢᠭᠤᠯᠤᠭᠰᠠᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠣᠷᠣᠨ︾ ᠤ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢ ᠪᠦᠲᠦᠮᠵᠢᠲᠡᠶ ᠠᠰᠢᠭᠯᠠᠵᠤ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠠᠷ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠭᠤᠶᠤᠴᠢᠯᠠᠯ ᠢᠶᠠᠷ ᠢᠯᠡ ᠪᠣᠯᠭᠠᠬᠤ ᠶᠢ ᠣᠯᠠᠨ ᠲᠦᠮᠡᠨ ᠬᠢᠭᠡᠳ ᠵᠠᠰᠠᠭ ᠤᠨ ᠣᠷᠳᠣᠨ ᠤ ᠨᠡᠪᠲᠡᠷᠡᠯᠴᠡᠬᠦ ᠶᠢᠨ ︽ᠬᠤᠯᠪᠣᠯᠳᠤᠭᠰᠠᠨ ᠬᠥᠭᠦᠷᠭᠡ︾ ︽ᠰᠢᠭᠤᠳ ᠨᠡᠪᠲᠡᠷᠡᠬᠦ ᠲᠡᠷᠭᠡ︾ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ ᠢᠯᠡ ᠪᠣᠯᠭᠠᠬᠤ ᠪᠠ ᠵᠣᠬᠢᠴᠠᠭᠤᠯᠬᠤ ᠶᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ ᠳᠤ ᠦᠨᠡᠨ ᠬᠦ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠦᠨᠳᠦᠰᠦᠨ ᠱᠠᠲᠤᠨ ᠤ ᠵᠥᠷᠢᠴᠡᠯ ᠢ ᠠᠷᠢᠯᠭᠠᠨ᠂ ᠬᠡᠷᠡᠭ ᠥᠬᠡᠶ ᠵᠠᠷᠭᠤ ᠰᠤᠷᠪᠤᠯᠵᠢᠯᠠᠭ᠎ᠠ ᠳᠤ ᠬᠤᠯᠪᠣᠭᠳᠠᠬᠤ ᠠᠴᠠ ᠵᠠᠶᠢᠯᠠᠰᠬᠢᠵᠦ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠠᠵᠢᠯ ᠤᠨ ᠣᠨᠣᠯᠵᠢᠬᠤᠨ ᠢ ᠭᠦᠢᠴᠡᠳ ᠢᠯᠡᠷᠡᠭᠦᠯᠬᠦ ᠬᠡᠷᠡᠭᠲᠡᠶ᠃      ︵ᠠᠷᠪᠠᠨ ᠳᠣᠯᠤᠭ᠎ᠠ︶ ᠲᠠᠷᠢᠶᠠᠴᠢᠨ ᠠᠷᠠᠳ ᠲᠤ ᠠᠰᠢᠭ ᠬᠦᠷᠲᠡᠭᠡᠬᠦ ᠮᠠᠯᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ᠃ ᠲᠠᠷᠢᠶᠠᠴᠢᠳ ᠲᠤ ᠠᠰᠢᠭ ᠬᠦᠷᠲᠡᠭᠡᠬᠦ ᠮᠠᠯᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢ ᠢᠯᠡ ᠪᠣᠯᠭᠠᠬᠤ᠂ ᠢᠯᠡ ᠨᠡᠶᠢᠲᠡᠯᠡᠬᠦ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠰᠢᠶᠠᠩ ᠪᠠᠯᠭᠠᠰᠤ ᠶᠢᠨ ᠱᠠᠲᠤᠨ ᠳᠤ ᠬᠦᠷᠲᠡᠯ᠎ᠡ ᠤᠷᠲᠤᠳᠬᠠᠬᠤ ᠶᠢᠨ ᠬᠠᠮᠲᠤ ᠲᠣᠰᠬᠤᠨ ᠤ ᠱᠠᠲᠤᠨ ᠤ ᠪᠠᠯᠠ ᠮᠥᠩᠭᠦ ᠶᠢ ᠬᠤᠷᠢᠶᠠᠩᠭᠤᠶᠢᠯᠠᠨ ᠢᠯᠡ ᠨᠡᠶᠢᠲᠡᠯᠡᠬᠦ᠂ ᠳᠠᠩᠰᠠᠯᠠᠬᠤ ᠠᠵᠢᠯ ᠢ ᠴᠢᠩᠭᠠᠳᠬᠠᠨ᠎ᠠ᠃      ᠵᠢᠷᠭᠤᠭ᠎ᠠ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ      ︵ᠠᠷᠪᠠᠨ ᠨᠠᠢᠮᠠ︶ ᠵᠠᠰᠠᠭ ᠤᠨ ᠣᠷᠳᠣᠨ ᠤ ᠠᠯᠪᠠᠨ ᠮᠡᠳᠡᠭᠡ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠷᠬᠡ ᠰᠦᠷᠲᠦ ᠪᠠᠷᠢᠮᠵᠢᠶᠠᠲᠤ ᠲᠣᠪᠬᠢᠮᠠᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠪᠡᠯᠡᠭᠯᠡᠵᠦ ᠦᠵᠡᠭᠦᠯᠬᠦ ᠠᠵᠢᠯ ᠢ ᠦᠨᠡᠨᠬᠦ ᠰᠠᠶᠢᠲᠤᠷ ᠬᠢᠨ᠎ᠠ᠃ ᠪᠣᠳᠠᠲᠤ ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠴᠢᠬᠤᠯᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠮᠠᠲ᠋ᠧᠷᠢᠶᠠᠯ ᠪᠠ ᠭᠤᠤᠯᠳᠠᠯᠭ᠎ᠠ ᠲᠠᠢ ᠬᠦᠷᠢᠶᠡᠨ ᠳᠠᠬᠢ ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ ᠬᠡᠪᠴᠢᠶᠡᠨ ᠳᠤ ᠣᠷᠣᠭᠤᠯᠤᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠯᠧᠺᠲᠷᠣᠨ ᠬᠡᠪᠯᠡᠯ ᠢ ᠨᠡᠶᠢᠲᠡᠯᠡᠬᠦ ᠠᠵᠢᠯ ᠢ ᠵᠡᠷᠭᠡᠪᠡᠷ ᠰᠠᠶᠢᠲᠤᠷ ᠬᠢᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃      ︵ᠠᠷᠪᠠ ᠶᠢᠰᠦ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠢ ᠵᠢᠷᠤᠮᠵᠢᠭᠤᠯᠤᠨ ᠪᠠᠶᠢᠷᠢᠯᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ᠂ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠵᠢᠯ ᠤᠨ ᠮᠡᠳᠡᠭᠦᠯᠦᠯᠲᠡ ᠶᠢᠨ ᠬᠦᠰᠦᠨᠦᠭᠲᠦ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠪᠤᠯᠤᠩ ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠡᠯ᠎ᠡ ᠨᠢᠭᠡᠴᠡ ᠨᠦᠭᠦᠳ ᠬᠠᠮᠠᠭᠠᠯᠠᠵᠤ ᠪᠠᠲᠤᠯᠠᠬᠤ ᠪᠤᠯᠤᠩ ᠤᠨ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠶᠢ ᠰᠠᠶᠢᠲᠤᠷ ᠬᠢᠵᠦ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ᠂ ᠲᠥᠪᠯᠡᠷᠡᠭᠦᠯᠦᠨ᠂ ᠵᠢᠷᠤᠮᠵᠢᠭᠤᠯᠤᠨ ᠨᠡᠶᠢᠲᠡᠯᠡᠬᠦ ᠬᠡᠷᠡᠭᠲᠡᠶ᠃      ︵ᠬᠤᠷᠢ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂  ᠦᠢᠯᠡᠳᠦᠯᠴᠡᠨ ᠰᠣᠯᠢᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠠᠪᠤᠳᠠᠯ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢ ᠦᠨᠡᠯᠡᠨ ᠵᠢᠱᠢᠬᠦ  ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠠᠮᠤᠷ ᠲᠦᠪᠰᠢᠨ ᠢ ᠪᠠᠲᠤᠯᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠦᠨ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠮᠣᠩᠭᠤᠯ ᠬᠡᠯᠡᠨ ᠤ ᠰᠦᠯᠵᠢᠶᠡᠨ ᠥᠷᠲᠡᠭᠡ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠶᠢᠨ ᠠᠵᠢᠯ ᠢ ᠴᠢᠩᠭᠠᠳᠬᠠᠵᠤ᠂ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠪᠠᠲᠤᠯᠠᠨ᠂ ᠴᠢᠬᠤᠯᠠ ᠠᠭᠤᠯᠭ᠎ᠠ ᠶᠢ ᠣᠷᠴᠢᠭᠤᠯᠤᠨ ᠳᠠᠮᠵᠢᠭᠤᠯᠬᠤ ᠠᠵᠢᠯ ᠢ ᠰᠠᠶᠢᠲᠤᠷ ᠬᠢᠵᠦ᠂ ᠮᠣᠩᠭᠤᠯ ᠬᠡᠯᠡᠨ ᠤ ᠬᠡᠪᠯᠡᠯ ᠤᠨ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠲᠤᠯᠤᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠲᠠᠢ ᠤᠶᠠᠯᠳᠤᠭᠤᠯᠤᠨ ᠬᠢᠨᠠᠯᠲᠠ ᠲᠠᠯᠪᠢᠵᠤ ᠪᠠᠲᠤᠯᠠᠬᠤ ᠶᠢ ᠴᠢᠩᠭᠠᠷᠠᠭᠤᠯᠬᠤ ᠬᠡᠷᠡᠭᠲᠡᠶ      ︵ᠬᠤᠷᠢᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠨᠦᠭᠦᠳ ᠨᠢᠭᠡᠳᠦᠯᠲᠡᠶ ᠲᠥᠯᠥᠪᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠰᠠᠭᠤᠳᠠᠯ ᠢ ᠰᠤᠳᠤᠯᠤᠨ  ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠵᠢᠯᠲᠠᠨ᠂ ᠲᠥᠬᠦᠭᠡᠷᠦᠮᠵᠢ᠂ ᠵᠠᠷᠤᠳᠠᠯ ᠵᠡᠷᠭᠡ ᠶᠢᠨ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ︵ᠬᠤᠷᠢᠨ ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ ᠶᠢᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠰᠢᠶᠠᠨ ᠤ ᠠᠵᠢᠯ ᠤᠨ ᠭᠤᠣᠯᠳᠠᠯᠭ᠎ᠠ ᠶᠢ ᠦᠨᠳᠦᠰᠦᠯᠡᠨ ᠡᠭᠦᠷᠭᠡ ᠶᠢᠨ ᠬᠤᠪᠢᠶᠠᠷᠢᠯᠠᠯᠲᠠ ᠶᠢ ᠰᠠᠶᠢᠲᠤᠷ ᠬᠢᠵᠦ᠂ ᠠᠵᠢᠯ ᠢᠶᠠᠨ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠡᠯ᠎ᠡ ᠱᠠᠲᠤ᠂ ᠡᠯ᠎ᠡ ᠲᠥᠷᠥᠯ ᠤᠨ ᠵᠠᠷᠯᠠᠯ ᠤᠨ ᠳᠤᠮᠳᠠ ᠢᠯᠡᠷᠡᠭᠰᠡᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3