ᠯᠢ ᠺᠠᠶ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/24
      8 ᠰᠠᠷ᠎ᠠ ᠶᠢᠨ 23᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ 10 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠯᠡᠪᠡ︔ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠡᠯ ᠳ᠋ᠤᠤ ᠾᠧ ᠭᠤᠤᠯ ᠤᠨ ᠰᠠᠪᠠ ᠭᠠᠵᠠᠷ ᠤᠨ ᠡᠬᠢ ᠶᠢᠨ ᠡᠮᠦᠨᠡᠬᠢ ᠭᠤᠤᠯ ᠤᠨ ᠬᠡᠰᠡᠭ ᠤᠨ ᠠᠮᠢ ᠠᠬᠤᠶ ᠶᠢᠨ ᠨᠤᠭᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠪᠠᠯᠠ ᠮᠥᠩᠭᠦ ᠰᠠᠯᠭᠠᠨ ᠥᠭᠬᠦ ᠵᠡᠷᠭᠡ ᠵᠦᠢᠯᠡᠰ ᠢ ᠰᠤᠳᠤᠯᠤᠨ ᠪᠠᠶᠢᠷᠢᠯᠠᠭᠤᠯᠤᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠪᠣᠯᠤᠨ᠎ᠠ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠵᠢᠯ ᠪᠣᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠪᠣᠯᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠬᠡᠷᠡᠭᠲᠡᠢ᠃      ᠬᠤᠷᠠᠯ ᠠᠴᠠ  ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠤᠯᠤᠰ ᠲᠦᠷᠦ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠠᠴᠠ ᠪᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠡᠷᠴᠢᠮ᠂ ᠬᠠᠮᠤᠭ ᠤᠨ ᠬᠠᠲᠠᠭᠤ ᠠᠷᠭ᠎ᠠ ᠬᠡᠮᠵᠢᠶ᠎ᠡ᠂ ᠬᠠᠮᠤᠭ ᠤᠨ ᠪᠣᠳᠠᠲᠠᠢ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠠᠰᠢᠭᠲᠠᠢ ᠠᠵᠠ ᠲᠣᠬᠢᠶᠠᠯ ᠢᠶᠠᠷ ᠡᠯ᠎ᠡ ᠵᠦᠢᠯ ᠤᠨ ᠠᠵᠢᠯ ᠤᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ  ᠾᠧ ᠶᠢᠩ ᠽᠢ᠂ ᠢᠦᠢ ᠬᠤᠩ ᠯᠢᠶᠠᠩ᠂ ᠵᠤᠤ ᠬᠤᠢ ᠵᠢᠤᠢ᠂ ᠭᠦᠩ ᠰᠢᠤ ᠯᠦᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3