8 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠰᠢᠶᠠᠨ ᠤ ᠵᠠᠰᠠᠭ ᠤᠨ ᠣᠷᠳᠣᠨ ᠤ 2023 ᠣᠨ ᠤ 10 ᠳ᠋ᠤᠭᠠᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 12 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ 10 ᠬᠤᠪᠢ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠡ ᠶᠢᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠯᠡᠪᠡ︔ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ | ᠡᠯ ᠳ᠋ᠤᠤ ᠾᠧ ᠭᠤᠤᠯ ᠤᠨ ᠰᠠᠪᠠ ᠭᠠᠵᠠᠷ ᠤᠨ ᠡᠬᠢ ᠶᠢᠨ ᠡᠮᠦᠨᠡᠬᠢ ᠭᠤᠤᠯ ᠤᠨ ᠬᠡᠰᠡᠭ ᠤᠨ ᠠᠮᠢ ᠠᠬᠤᠶ ᠶᠢᠨ | ᠨᠤᠭᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠪᠠᠯᠠ ᠮᠥᠩᠭᠦ ᠰᠠᠯᠭᠠᠨ ᠥᠭᠬᠦ ᠵᠡᠷᠭᠡ | ᠵᠦᠢᠯᠡᠰ ᠢ ᠰᠤᠳᠤᠯᠤᠨ ᠪᠠᠶᠢᠷᠢᠯᠠᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠬᠦᠷᠭᠡᠵᠦ ᠢᠷᠡᠭᠰᠡᠨ | ᠤᠯᠠᠨ ᠲᠦᠮᠡᠨ ᠤ ᠠᠵᠢᠯ ᠪᠣᠯᠤᠨ᠎ᠠ᠂ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ | ᠣᠶᠢᠯᠠᠭᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ | ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠵᠢᠯ ᠪᠣᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠲᠦᠷᠢᠮ ᠪᠣᠯᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠷᠭ᠎ᠠ | ᠪᠦᠬᠦᠨ ᠢ ᠰᠦᠪᠡᠭᠴᠢᠯᠡᠨ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠬᠡᠷᠡᠭᠲᠡᠢ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠤᠯᠤᠰ ᠲᠦᠷᠦ ᠶᠢᠨ ᠠᠴᠢ ᠬᠤᠯᠪᠣᠭᠳᠠᠯ ᠢ ᠭᠦᠨᠵᠡᠭᠡᠢ | ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠠᠴᠠ ᠪᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠬᠠᠮᠤᠭ ᠤᠨ ᠴᠢᠩᠭ᠎ᠠ | ᠱᠠᠭᠠᠷᠳᠠᠯᠭ᠎ᠠ᠂ ᠬᠠᠮᠤᠭ ᠤᠨ ᠡᠷᠴᠢᠮ᠂ ᠬᠠᠮᠤᠭ ᠤᠨ ᠬᠠᠲᠠᠭᠤ ᠠᠷᠭ᠎ᠠ ᠬᠡᠮᠵᠢᠶ᠎ᠡ᠂ ᠬᠠᠮᠤᠭ ᠤᠨ ᠪᠣᠳᠠᠲᠠᠢ | ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠰᠢᠰᠲ᠋ᠧᠮᠲᠦ ᠦᠵᠡᠯᠲᠡ ᠶᠢ | ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ | ᠠᠰᠢᠭᠲᠠᠢ ᠠᠵᠠ ᠲᠣᠬᠢᠶᠠᠯ ᠢᠶᠠᠷ ᠡᠯ᠎ᠡ ᠵᠦᠢᠯ ᠤᠨ ᠠᠵᠢᠯ ᠤᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠾᠧ ᠶᠢᠩ ᠽᠢ᠂ ᠢᠦᠢ ᠬᠤᠩ ᠯᠢᠶᠠᠩ᠂ ᠵᠤᠤ ᠬᠤᠢ ᠵᠢᠤᠢ᠂ ᠭᠦᠩ ᠰᠢᠤ | ᠯᠦᠩ᠂ ᠰᠦᠨ ᠬᠠᠢ ᠵᠢᠶᠦ᠋ᠨ᠂ ᠾᠧᠦ ᠶᠢᠩ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |