ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 8 ᠰᠠᠷ᠎ᠠ ᠶᠢᠨ 22 ᠤᠨ ᠴᠠᠬᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠶᠤᠬᠠᠨᠨᠧᠰᠪᠦ᠋ᠷᠡᠭ ᠤᠨ ᠠᠯᠲᠠᠨ ᠲᠣᠭᠤᠰᠬ᠎ᠠ ᠤᠯᠤᠰ ᠤᠳ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠤᠨ | ᠲᠡᠭᠦᠰᠬᠦ ᠶᠣᠰᠣᠯᠠᠯ ᠳᠤ ︽ᠪᠦᠯᠬᠦᠮᠳᠡᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ | ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠬᠡᠯᠪᠡᠷᠢ ᠪᠠᠷ ᠳᠡᠯᠭᠡᠭᠳᠡᠵᠦ᠂ ᠬᠥᠮᠥᠨ ᠲᠥᠷᠥᠯᠬᠢᠲᠡᠨ ᠤ ᠨᠡᠶᠢᠭᠡᠮ | ᠵᠠᠩᠭᠢᠯᠠᠭ᠎ᠠ ᠶᠢᠨ ᠦᠶ᠎ᠡ ᠳᠤ ᠣᠷᠣᠪᠠ᠃ ᠬᠠᠮᠲᠤᠷᠠᠯᠴᠠᠬᠤ ᠪᠠ ᠠᠭᠤᠰᠤᠯᠴᠠᠬᠤ ᠶᠢ ᠪᠠᠷᠢᠮᠲᠠᠯᠠᠬᠤ ᠶᠤᠮ ᠦᠦ᠂ ᠡᠰᠡᠬᠦᠯ᠎ᠡ | ᠬᠠᠭᠠᠴᠠᠬᠤ ᠪᠠ ᠡᠰᠡᠷᠭᠦᠴᠡᠯᠳᠦᠬᠦ ᠵᠠᠮ ᠢᠶᠠᠷ ᠵᠠᠮᠨᠠᠬᠤ ᠶᠤᠮ ᠦᠦ︖ ᠭᠠᠷ ᠬᠤᠯᠪᠣᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠬᠤ ᠶᠤᠮ ᠦᠦ᠂ ᠡᠰᠡᠬᠦᠯ᠎ᠡ ᠬᠥᠯ ᠠᠯᠳᠠᠵᠤ ︽ᠰᠢᠨ᠎ᠡ ᠬᠦᠢᠲᠡᠨ ᠳᠠᠶᠢᠨ︾ ᠵᠦᠭ ᠣᠷᠣᠬᠤ ᠶᠤᠮ ᠦᠦ︖ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢᠨ ᠳᠤᠮᠳᠠ ᠴᠡᠴᠡᠭᠯᠡᠨ ᠬᠥᠭᠵᠢᠬᠦ ᠶᠤᠮ ᠦᠦ᠂ ᠡᠰᠡᠬᠦᠯ᠎ᠡ ᠬᠠᠷᠭᠢᠰᠯᠠᠯ | ᠬᠦᠴᠦᠷᠬᠡᠭᠯᠡᠯ ᠤᠨ ᠳᠤᠮᠳᠠ ᠤᠷᠤᠭᠤᠳᠠᠵᠤ ᠪᠠᠭᠤᠷᠠᠬᠤ ᠶᠤᠮ ᠦᠦ︖ ᠰᠣᠯᠢᠯᠴᠠᠭ᠎ᠠ ᠪᠠ ᠬᠠᠷᠢᠯᠴᠠᠨ ᠲᠣᠯᠢ ᠪᠣᠯᠭᠠᠬᠤ | ᠳᠤᠮᠳᠠ ᠢᠲᠡᠭᠡᠯᠴᠡᠭᠡ ᠪᠠᠨ ᠨᠡᠮᠡᠭᠳᠡᠭᠦᠯᠬᠦ ᠶᠤᠮ ᠦᠦ᠂ ᠡᠰᠡᠬᠦᠯ᠎ᠡ ᠣᠮᠣᠷᠬᠠᠭ ᠪᠠᠷᠳᠠᠮ ᠪᠠ ᠬᠡᠯᠪᠠᠶᠢᠭᠦᠦ ᠦᠵᠡᠯᠲᠡ ᠪᠠᠷ | ᠨᠢᠩᠵᠢᠨ ᠰᠡᠳᠬᠢᠯ ᠢ ᠬᠠᠯᠬᠠᠯᠠᠬᠤ ᠶᠤᠮ ᠦᠦ︖ ᠲᠡᠦᠬᠡ ᠶᠢᠨ ᠳᠡᠭᠦᠵᠢᠩ ᠴᠠᠭ ᠤᠨ ᠵᠡᠭᠦᠦ ᠠᠯᠢ ᠴᠢᠭᠯᠡᠯ ᠲᠡᠶᠢᠰᠢ | ᠵᠢᠭᠠᠬᠤ ᠨᠢ ᠮᠠᠨ ᠤ ᠰᠣᠩᠭᠤᠯᠲᠠ ᠪᠠᠷ ᠲᠣᠭᠲᠠᠭᠠᠭᠳᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠪᠣᠯ ᠨᠢᠭᠡ ᠨᠢ ᠬᠥᠭᠵᠢᠪᠡᠯ ᠪᠦᠭᠦᠳᠡᠭᠡᠷ ᠮᠠᠨᠳᠤᠵᠤ᠂ ᠨᠢᠭᠡ ᠨᠢ | ᠬᠤᠬᠢᠷᠠᠪᠠᠯ ᠪᠦᠭᠦᠳᠡᠭᠡᠷ ᠬᠤᠬᠢᠷᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ᠎ᠠ᠃ ᠡᠯ᠎ᠡ ᠤᠯᠤᠰ ᠤᠨ ᠠᠷᠠᠳ | ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠨᠢ ︽ᠰᠢᠨ᠎ᠡ ᠬᠦᠢᠲᠡᠨ ᠳᠠᠶᠢᠨ︾ ᠪᠢᠰᠢ᠂ ︽ᠵᠢᠵᠢᠭ ᠪᠦᠯᠬᠦᠮ︾ ᠪᠢᠰᠢ᠂ | ᠬᠠᠷᠢᠨ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ ᠳᠡᠯᠡᠬᠡᠢ ᠶᠢᠷᠲᠢᠨᠴᠦ᠂ ᠨᠢᠭᠡᠨ ᠬᠠᠮᠲᠤ ᠪᠠᠷ | ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ | ᠶᠢᠷᠲᠢᠨᠴᠦ ᠪᠣᠯᠣᠨ᠎ᠠ᠃ ᠡᠨᠡ ᠪᠣᠯ ᠲᠡᠦᠬᠡ ᠶᠢᠨ ᠤᠷᠤᠭᠰᠢᠯᠠᠯᠲᠠ ᠶᠢᠨ ᠯᠣᠭᠢᠭ᠂ ᠴᠠᠭ ᠦᠶ᠎ᠡ ᠶᠢᠨ ᠬᠥᠭᠵᠢᠯᠲᠡ ᠶᠢᠨ | ᠤᠷᠤᠰᠬᠠᠯ ᠮᠥᠨ᠃ ᠡᠯ᠎ᠡ ᠤᠯᠤᠰ ᠤᠨ ᠬᠢᠨ ᠵᠥᠪ ᠶᠢᠷᠲᠢᠨᠴᠦ ᠶᠢᠨ ᠦᠵᠡᠯᠲᠡ᠂ ᠲᠡᠦᠬᠡ ᠶᠢᠨ ᠦᠵᠡᠯᠲᠡ᠂ ᠶᠡᠭᠡ | ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠯᠤᠰ ᠤᠨ ᠲᠥᠰᠥᠪ ᠢ ᠪᠣᠳᠠᠲᠤ | ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ | ᠪᠢᠳᠡ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ᠃ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ | ᠪᠣᠯᠣᠨ ᠬᠥᠭᠵᠢᠵᠦ ᠪᠠᠶᠢᠭ᠎ᠠ ᠤᠯᠤᠰ ᠤᠳ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠦᠨᠳᠦᠰᠦᠲᠡᠨ ᠤ | ᠲᠤᠰᠠᠭᠠᠷ ᠲᠣᠭᠲᠠᠨᠢᠯ ᠢᠶᠠᠨ ᠣᠯᠵᠤ᠂ ᠬᠢᠵᠦ ᠪᠠᠶᠢᠭ᠎ᠠ ᠠᠯᠢᠪᠠ ᠪᠥᠬᠦᠨ ᠨᠢ ᠳᠠᠷᠤᠢ ᠠᠷᠠᠳ ᠲᠦᠮᠡᠨ ᠢ ᠵᠣᠯ ᠵᠢᠷᠭᠠᠯ ᠲᠠᠢ | ᠠᠮᠢᠳᠤᠷᠠᠭᠤᠯᠬᠤ ᠶᠢᠨ ᠲᠥᠯᠥᠭᠡ ᠶᠤᠮ᠃ ᠤᠯᠤᠰ ᠨᠢᠭᠡ ᠪᠦᠷᠢ ᠴᠥᠮ ᠬᠥᠭᠵᠢᠬᠦ ᠡᠷᠬᠡ ᠲᠠᠢ᠂ ᠡᠯ᠎ᠡ ᠤᠯᠤᠰ ᠤᠨ ᠠᠷᠠᠳ | ᠲᠦᠮᠡᠨ ᠴᠥᠮ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠡᠷᠬᠡ ᠴᠢᠯᠦᠭᠡ ᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ | ᠤᠯᠤᠰ ᠲᠠᠢ ᠬᠠᠮᠲᠤ ᠪᠠᠷ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠨ | ᠠᠬᠢᠭᠤᠯᠵᠤ᠂ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ᠂ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠦᠨ᠎ᠡ᠃ | ᠪᠢᠳᠡ ᠨᠡᠶᠢᠭᠡᠮ ᠤᠨ ᠠᠮᠤᠷ ᠲᠦᠪᠰᠢᠨ ᠢ ᠴᠢᠷᠮᠠᠶᠢᠨ ᠪᠡᠶᠡᠯᠡᠭᠦᠯᠦᠶ᠎ᠡ᠃ ᠭᠠᠭᠴᠠ ᠬᠦ ᠬᠠᠮᠲᠤ ᠶᠢᠨ᠂ ᠶᠡᠷᠦᠩᠬᠡᠶᠢᠯᠡᠭᠰᠡᠨ | ᠂ ᠬᠠᠮᠲᠤᠷᠠᠯᠴᠠᠭᠰᠠᠨ᠂ ᠦᠷᠭᠦᠯᠵᠢᠯᠡᠬᠦ ᠰᠢᠨ᠎ᠡ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠪᠠᠯ ᠰᠠᠶ᠋ᠢ ᠨᠡᠶᠢᠳᠡᠮ ᠤᠨ ᠠᠮᠤᠷ | ᠲᠦᠪᠰᠢᠨ ᠤ ᠵᠠᠮ ᠢᠶᠠᠷ ᠵᠠᠮᠨᠠᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠪᠥᠬᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠣᠯᠬᠤ ᠠᠴᠠ ᠪᠢᠰᠢ ᠬᠤᠯᠪᠣᠭ᠎ᠠ ᠪᠠᠶᠢᠭᠤᠯᠬᠤ ᠦᠭᠡᠢ᠂ | ᠬᠠᠮᠲᠤ ᠪᠠᠷ ᠠᠰᠢᠭ ᠬᠦᠷᠲᠡᠬᠦ ᠠᠴᠠ ᠪᠢᠰᠢ ᠦᠯᠦ ᠡᠪᠰᠡᠬᠦ ᠶᠢ ᠲᠡᠪᠴᠢᠬᠦ ᠶᠢ ᠪᠠᠷᠢᠮᠲᠠᠯᠠᠵᠤ᠂ ᠠᠮᠤᠷ ᠲᠦᠪᠰᠢᠨ ᠤ | ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ᠃ | ᠪᠢᠳᠡ ᠪᠣᠯᠪᠠᠰᠤᠨ ᠤ ᠰᠣᠯᠢᠯᠴᠠᠭ᠎ᠠ ᠲᠣᠯᠢ ᠪᠣᠯᠭᠠᠬᠤ ᠶᠢ ᠪᠠᠷᠢᠮᠲᠠᠯᠠᠶ᠎ᠠ᠃ ᠥᠪᠡᠷ ᠥᠪᠡᠷ ᠤᠨ ᠢᠶᠠᠨ ᠭᠤᠶᠢᠲᠠ | ᠰᠠᠶᠢᠬᠠᠨ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠮᠥᠨ ᠴᠢᠨᠠᠷ ᠮᠥᠨ᠃ ︽ᠠᠷᠠᠳᠴᠢᠯᠠᠯ ᠪᠠ ᠡᠷᠬᠡ ᠰᠦᠷ︾᠂ ︽ | ᠡᠷᠬᠡ ᠴᠢᠯᠦᠭᠡ ᠪᠠ ᠡᠵᠡᠷᠬᠡᠭ ᠪᠠᠶᠢᠭᠤᠯᠤᠯ︾ ᠭᠡᠬᠦ ᠬᠤᠶᠠᠷ ᠡᠰᠢᠲᠦ ᠡᠰᠡᠷᠭᠦᠴᠡᠯᠳᠦᠯ ᠢ ᠵᠣᠷᠢᠭᠤᠳᠠ ᠬᠥᠭᠡᠷᠭᠡᠳᠡᠬᠦ ᠨᠢ | ᠳᠡᠯᠡᠬᠡᠢ ᠶᠢᠷᠲᠢᠨᠴᠦ ᠶᠢᠨ ᠬᠠᠭᠠᠴᠠᠯ᠂ ᠪᠣᠯᠪᠠᠰᠤᠨ ᠤ ᠮᠥᠷᠭᠦᠯᠳᠦᠭᠡᠨ ᠢ ᠡᠭᠦᠰᠬᠡᠬᠦ ᠯᠡ ᠲᠡᠳᠦᠢ ᠶᠤᠮ᠃ ᠳᠤᠮᠳᠠᠳᠤ ᠤᠯᠤᠰ | ᠡᠯ᠎ᠡ ᠤᠯᠤᠰ ᠤᠨ ᠬᠢᠨ ᠤ ᠪᠥᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠳᠤ ᠢᠳᠡᠪᠬᠢᠲᠡᠢ | ᠣᠷᠣᠯᠴᠠᠵᠤ᠂ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠴᠣᠭᠴᠠᠯᠠᠨ᠂ ᠠᠳᠠᠯᠢ ᠪᠤᠰᠤ ᠪᠣᠯᠪᠠᠰᠤᠨ ᠤ | ᠡᠷᠳᠡᠮᠲᠡᠨ ᠪᠥᠬᠦᠨ ᠢ ᠴᠢᠯᠦᠭᠡᠲᠡᠢ ᠶᠠᠷᠢᠯᠴᠠᠭᠤᠯᠬᠤ᠂ ᠴᠡᠴᠡᠭ ᠪᠥᠬᠦᠨ ᠢ ᠵᠡᠷᠭᠡ ᠪᠠᠷ ᠳᠡᠯᠭᠡᠷᠡᠭᠦᠯᠬᠦ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠤᠯᠠᠮᠵᠢᠯᠠᠯ ᠢ ᠦᠷᠭᠦᠯᠵᠢᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠠᠯᠲᠠᠨ ᠲᠣᠭᠤᠰᠬ᠎ᠠ ᠤᠯᠤᠰ ᠤᠳ ᠢᠶᠠᠷ ᠲᠥᠯᠥᠭᠡᠯᠡᠭᠦᠯᠦᠭᠰᠡᠨ ᠰᠢᠨ᠎ᠡ ᠪᠠᠷ ᠮᠠᠨᠳᠤᠭᠰᠠᠨ ᠵᠠᠬ᠎ᠠ | ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠴᠣᠭᠴᠠ ᠪᠠᠷ ᠢᠶᠠᠨ ᠮᠠᠨᠳᠤᠨ ᠪᠣᠰᠣᠭᠰᠠᠨ ᠨᠢ | ᠶᠠᠭ ᠳᠡᠯᠡᠬᠡᠢ ᠶᠢᠨ ᠪᠠᠶᠢᠷᠢᠰᠢᠯ ᠢ ᠦᠨᠳᠦᠰᠦᠨ ᠠᠴᠠ ᠨᠢ ᠬᠤᠪᠢᠷᠠᠭᠤᠯᠵᠤ ᠪᠠᠶᠢᠨ᠎ᠠ᠃ ᠬᠡᠴᠢᠨᠡᠨ ᠶᠡᠭᠡ ᠬᠠᠷᠰᠢ ᠰᠠᠭᠠᠳ | ᠪᠠᠶᠢᠭᠰᠠᠨ ᠴᠤ ᠠᠯᠲᠠᠨ ᠲᠣᠭᠤᠰᠬ᠎ᠠ ᠤᠯᠤᠰ ᠤᠳ ᠤᠨ ᠭᠡᠬᠦ ᠡᠨᠡ ᠬᠦ ᠢᠳᠡᠪᠬᠢᠲᠡᠢ᠂ ᠲᠣᠭᠲᠠᠭᠤᠨ᠂ ᠰᠠᠶᠢᠨ ᠰᠠᠶᠢᠬᠠᠨ | ᠬᠦᠴᠦᠨ ᠴᠥᠮ ᠥᠷᠨᠢᠭᠦᠨ ᠬᠥᠭᠵᠢᠬᠦ ᠪᠣᠯᠣᠨ᠎ᠠ᠃ ᠪᠢᠳᠡ ᠠᠯᠲᠠᠨ ᠲᠣᠭᠤᠰᠬ᠎ᠠ ᠤᠯᠤᠰ ᠤᠳ ᠤᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠠᠯᠲᠠᠨ ᠲᠣᠭᠤᠰᠬ᠎ᠠ | ᠤᠯᠤᠰ ᠤᠳ +︾ ᠵᠠᠭᠪᠤᠷ ᠢ ᠥᠷᠭᠡᠳᠬᠡᠵᠦ᠂ ᠭᠡᠰᠢᠭᠦᠨ ᠢᠶᠠᠨ ᠥᠷᠭᠡᠳᠬᠡᠬᠦ ᠠᠬᠢᠴᠠ ᠶᠢ ᠢᠳᠡᠪᠬᠢᠲᠡᠢ ᠠᠬᠢᠭᠤᠯᠵᠤ᠂ | ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠯᠤᠭ᠎ᠠ ᠶᠢᠨ | ᠪᠦᠯᠬᠦᠮᠳᠡᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠶᠢᠨ ᠣᠯᠠᠨ ᠲᠦᠢᠯᠰᠢᠷᠠᠯᠲᠠ ᠪᠠ ᠣᠯᠠᠨ ᠤᠯᠤᠰ ᠤᠨ | ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ | ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ᠃ 20 ᠤᠯᠤᠰ ᠶᠠᠭ ᠠᠯᠲᠠᠨ ᠲᠣᠭᠤᠰᠬ᠎ᠠ ᠤᠯᠤᠰ ᠤᠳ ᠤᠨ ᠶᠡᠭᠡ | ᠭᠡᠷ ᠪᠦᠯᠢ ᠳᠤ ᠣᠷᠤᠯᠴᠠᠬᠤ ᠳᠤ ᠰᠠᠨᠠᠭᠠᠴᠢᠯᠠᠵᠤ ᠪᠣᠢ᠂ ᠳᠤᠮᠳᠠᠳᠤ ᠤᠯᠤᠰ ᠣᠯᠠᠨ ᠤ ᠠᠯᠲᠠᠨ ᠲᠣᠭᠤᠰᠬ᠎ᠠ | ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠣᠷᠣᠯᠴᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ | ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ ᠬᠥᠭᠵᠢᠵᠦ ᠪᠠᠶᠢᠭ᠎ᠠ ᠤᠯᠤᠰ᠂ ︽ᠪᠥᠬᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠤᠨ ᠪᠦᠷᠢᠯᠳᠦᠬᠦᠨ ᠪᠣᠯᠣᠭᠰᠠᠨ ᠤ ᠬᠤᠪᠢ ᠳᠤ ᠳᠤᠮᠳᠠᠳᠤ ᠤᠯᠤᠰ | ᠢᠮᠠᠭᠲᠠ ᠪᠤᠰᠤᠳ ᠬᠥᠭᠵᠢᠵᠦ ᠪᠠᠶᠢᠭ᠎ᠠ ᠤᠯᠤᠰ ᠤᠳ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ | ᠬᠠᠮᠲᠤᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠰᠢᠨ᠎ᠡ ᠪᠠᠷ | ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠥᠬᠦ ᠪᠥᠮᠪᠥᠷᠴᠡᠭ ᠤᠨ ᠬᠡᠷᠡᠭ | ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠳᠤᠮᠳᠠᠳᠤ | ᠤᠯᠤᠰ ᠲᠤ ᠡᠵᠡᠷᠬᠡᠭᠴᠢ ᠪᠣᠯᠬᠤ ᠤᠳᠤᠮᠰᠢᠯ ᠪᠠᠶᠢᠬᠤ ᠦᠭᠡᠢ᠂ ᠲᠣᠮᠣ ᠤᠯᠤᠰ ᠤᠨ ᠦᠵᠡᠯᠴᠡᠭᠡᠨ ᠤ ᠬᠥᠭᠰᠡᠩᠭᠦᠢ ᠪᠣᠳᠣᠯ | ᠦᠭᠡᠢ᠂ ᠲᠡᠦᠬᠡ ᠶᠢᠨ ᠵᠥᠪ ᠲᠠᠯ᠎ᠠ ᠳᠤ ᠡᠷᠡᠰ ᠵᠣᠭᠰᠣᠵᠤ᠂ ︽ᠲᠥᠷᠥ ᠶᠢᠨ ᠡᠷᠬᠡ ᠶᠢ ᠲᠦᠮᠡᠨ ᠤ ᠪᠣᠯᠭᠠᠬᠤ ᠠᠨᠤ | ᠲᠡᠭᠷᠢ ᠶᠢᠨ ᠶᠣᠰᠣᠨ ᠪᠣᠯᠠᠢ︾ ᠶᠢ ᠡᠷᠡᠰ ᠬᠡᠷᠡᠭᠵᠢᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠳᠤᠮᠳᠠᠳᠤ ᠤᠯᠤᠰ ᠤᠨ ᠠᠷᠠᠳ ᠲᠦᠮᠡᠨ ᠶᠠᠭ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠠᠭᠠᠭᠤᠯᠭ᠎ᠠ ᠳᠣᠣᠷ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠬᠡᠷᠡᠭᠴᠡᠭᠡ ᠶᠢᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠤᠨ ᠢᠵᠢ ᠪᠦᠷᠢᠳᠦᠭᠰᠡᠨ ᠪᠦᠷᠢᠨ ᠪᠦᠲᠦᠨ | ᠬᠠᠩᠭᠠᠯᠭ᠎ᠠ ᠶᠢᠨ ᠳᠠᠪᠠᠭᠤᠯᠢᠭ᠂ ᠶᠡᠭᠡ ᠬᠡᠮᠵᠢᠶᠡᠨ ᠤ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠠᠵᠤ | ᠠᠬᠤᠶᠢᠯᠠᠯᠲᠠᠨ ᠤ ᠴᠢᠳᠠᠪᠤᠷᠢᠲᠠᠨ ᠤ ᠳᠠᠪᠠᠭᠤᠯᠢᠭ ᠲᠠᠢ ᠶᠤᠮ᠃ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠲᠠᠨ | ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠲᠡᠭᠦᠯᠳᠡᠷ᠂ ᠤᠷᠲᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠠᠬᠤ ᠦᠭᠡᠢ᠃ ᠳᠤᠮᠳᠠᠳᠤ ᠤᠯᠤᠰ ᠢᠮᠠᠭᠲᠠ ᠳᠡᠯᠡᠬᠡᠢ ᠶᠢᠨ ᠬᠥᠭᠵᠢᠯᠲᠡ ᠶᠢᠨ ᠴᠢᠬᠤᠯᠠ ᠠᠵᠠ | ᠲᠣᠬᠢᠶᠠᠯ ᠪᠣᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠪᠥᠬᠦ | ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠎ᠠ | ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠣᠳᠣᠬᠢᠴᠢᠯᠠᠯᠲᠠ ᠳᠤ | ᠣᠷᠣᠬᠤ ᠶᠢ ᠳᠠᠭᠠᠯᠳᠤᠨ᠂ ᠳᠤᠮᠳᠠᠳᠤ ᠤᠯᠤᠰ ᠯᠠᠪᠲᠠᠢ ᠳᠡᠯᠡᠬᠡᠢ ᠶᠢᠨ ᠠᠵᠤ ᠠᠬᠤᠢ ᠳᠤ ᠨᠡᠩ ᠶᠡᠭᠡ ᠬᠤᠪᠢ ᠨᠡᠮᠡᠷᠢ | ᠦᠵᠡᠭᠦᠯᠵᠦ᠂ ᠡᠯ᠎ᠡ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠲᠤ ᠨᠡᠩ ᠶᠡᠭᠡ ᠣᠷᠣᠨ ᠵᠠᠢ ᠬᠠᠩᠭᠠᠬᠤ | ᠪᠣᠯᠣᠨ᠎ᠠ ᠭᠡᠵᠦ ᠵᠢᠭᠠᠵᠤ ᠭᠠᠷᠭᠠᠪᠠ᠃ |