ᠯᠢ ᠺᠠᠶ ᠳ᠋ᠦᠩ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/25
      8 ᠰᠠᠷ᠎ᠠ ᠶᠢᠨ 24᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃
     ᠰᠢᠩ ᠾᠧ ᠨᠢᠭᠡᠳᠦᠭᠡᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ ᠎ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ
      ᠵᠢᠩ ᠮᠧᠩ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠢ ᠪᠠᠶᠢᠴᠠᠭᠠᠨ ᠦᠵᠡᠪᠡ  
     ᠵᠢᠩ ᠮᠧᠩ ᠬᠡᠦᠬᠡᠳ ᠤᠨ ᠴᠡᠴᠡᠷᠯᠢᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠯᠢ ᠺᠠᠶ ᠳ᠋ᠦᠩ ᠤᠷᠢᠳ ᠬᠤᠵᠢᠳ ᠰᠢᠩ ᠾᠧ ᠨᠢᠭᠡᠳᠦᠭᠡᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠵᠢᠩ ᠮᠧᠩ ᠬᠡᠦᠬᠡᠳ ᠤᠨ ᠴᠡᠴᠡᠷᠯᠢᠭ᠂ ᠱᠦ᠋ ᠭᠤᠸᠠᠩ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠬᠢᠴᠢᠶᠡᠯ ᠤᠨ ᠬᠡᠷ᠂ ᠬᠤᠭᠤᠯᠠᠨ ᠬᠡᠷ᠂ ᠲᠠᠮᠢᠷ ᠤᠨ ᠲᠠᠯᠠᠪᠠᠶ ᠵᠡᠷᠭᠡ ᠰᠤᠷᠭᠠᠭᠤᠯᠢ ᠶᠢᠨ ᠬᠦᠷᠢᠶᠡᠨ ᠤ ᠲᠠᠯᠠᠪᠤᠷ ᠭᠠᠵᠠᠷ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠪᠠᠭᠰᠢ ᠶᠢᠨ ᠡᠩᠨᠡᠭᠡᠨ ᠤ ᠲᠣᠬᠢᠷᠠᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠯᠢ ᠺᠠᠶ ᠳ᠋ᠦᠩ ᠵᠢᠠᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠰᠤᠷᠭᠠᠭᠤᠯᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠡᠯ᠎ᠡ  ᠵᠦᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠢ ᠪᠣᠳᠠᠲᠠᠶ ᠨᠠᠷᠢᠯᠢᠭ ᠬᠢᠬᠦ ᠬᠡᠷᠡᠭᠲᠡᠶ᠃ ᠪᠣᠳᠠᠲᠤ ᠪᠠᠶᠢᠳᠠᠯ ᠳᠤ ᠰᠠᠭᠤᠷᠢᠯᠠᠨ ᠂ ᠰᠤᠷᠭᠠᠭᠤᠯᠢ ᠡᠷᠭᠢᠯᠡᠬᠦ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠪᠠᠶᠢᠭᠤᠯᠵᠤ ᠪᠠᠶᠢᠭ᠎ᠠ ᠰᠤᠷᠭᠠᠨ ᠬᠥᠮᠦᠵᠢᠯ ᠤᠨ ᠲᠥᠷᠥᠯ ᠵᠦᠢᠯ ᠤᠨ ᠨᠢᠭᠡᠴᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠪᠠᠷᠢᠯᠭ᠎ᠠ ᠶᠢᠨ ᠰᠡᠭᠦᠯ ᠬᠤᠷᠢᠶᠠᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠠᠵᠢᠯ ᠢ ᠱᠠᠯᠠᠪᠳᠠᠨ ᠰᠠᠶᠢᠲᠤᠷ ᠬᠢᠵᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ᠃ ᠠᠮᠤᠷ ᠲᠦᠪᠰᠢᠨ ᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃      ᠮᠠᠨ ᠤ ᠰᠢᠶᠠᠨ ᠤ 5 ᠲᠦᠮᠡᠨ ᠲᠣᠨ ᠤ ᠲᠣᠮᠣ ᠬᠡᠪᠴᠢᠶᠡᠨ ᠤ ᠬᠡᠲᠦ ᠥᠨᠳᠥᠷ ᠴᠢᠳᠠᠮᠵᠢ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠯᠢ ᠺᠠᠶ ᠳ᠋ᠦᠩ ᠴᠢᠬᠤᠯᠠᠴᠢᠯᠠᠭᠰᠠᠨ ᠨᠢ᠂ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ  ᠵᠦᠢᠯ ᠪᠣᠯ ᠮᠠᠨ ᠤ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠪᠠᠷᠢᠯᠭ᠎ᠠ ᠪᠠᠷᠢᠬᠤ ᠨᠢᠭᠡᠴᠡ ᠨᠦᠭᠦᠳ ᠠᠶᠤᠯ ᠦᠭᠡᠶ ᠦᠢᠯᠡᠳᠪᠦᠷᠢᠯᠡᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠳᠦᠷᠢᠮ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃      ᠰᠢᠶᠠᠨ ᠤ ᠤᠳᠤᠷᠢᠳᠤᠯᠭ᠎ᠠ ᠵᠤᠤ ᠬᠤᠢ ᠵᠢᠤᠢ᠂ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3