ᠮᠠᠨ ᠤ ᠰᠢᠶᠠᠨ 2023 ᠣᠨ ᠤ ︽ᠰᠢᠩ ᠡᡁᠧ ᠰᠠᠶᠢᠨ ᠬᠥᠮᠦᠨ ᠤ ᠨᠡᠷᠡᠰ ᠤᠨ ᠵᠢᠭᠰᠠᠭᠠᠯᠲᠠ︾᠎ ᠶᠢ ᠨᠡᠶᠢᠲᠡᠯᠡᠬᠦ ᠶᠣᠰᠣᠯᠠᠯ ᠵᠢᠴᠢ ᠴᠧᠩ ᠭᠤᠸᠠᠨ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠶᠢᠨ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2023/8/25
      8 ᠰᠠᠷ᠎ᠠ ᠶᠢᠨ 23᠎ ᠤ ᠡᠳᠦᠷ᠂ ︽ᠦᠯᠢᠭᠡᠷ ᠳᠠᠭᠤᠷᠢᠶᠠᠯ ᠢᠶᠠᠷ ᠪᠣᠯᠪᠠᠰᠤᠨ ᠤ ᠠᠵᠢᠯ ᠨᠢᠭᠡᠲᠡᠨ ᠢᠶᠠᠨ ᠬᠦᠳᠦᠯᠦᠨ ᠳᠠᠭᠠᠭᠤᠯᠤᠶ᠎ᠠ︾ ᠭᠡᠬᠦ ᠭᠤᠣᠯ ᠰᠡᠳᠦᠪ ᠲᠠᠢ 2023 ᠣᠨ ᠤ ︽ᠰᠢᠩ ᠡᡁᠧ ᠰᠠᠶᠢᠨ ᠬᠥᠮᠦᠨ ᠤ ᠨᠡᠷᠡᠰ︾᠎ ᠢ ᠨᠡᠶᠢᠲᠡᠯᠡᠬᠦ ᠶᠣᠰᠣᠯᠠᠯ ᠵᠢᠴᠢ ᠴᠧᠩ ᠭᠤᠸᠠᠨ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠮᠠᠨ ᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠵᠢᠶᠦ᠋ᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃
     ᠠᠵᠢᠯᠯᠠᠭ᠎ᠠ ᠨᠢ ᠳᠠᠭᠤᠤ ᠪᠥᠵᠢᠭ ︽ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠵᠦᠴᠦᠭᠡ ᠶᠢᠨ ᠳᠤᠮᠳᠠ ᠬᠥᠰᠢᠭᠡ ᠪᠠᠨ ᠰᠡᠬᠦᠵᠦ᠂ ᠠᠵᠢᠯᠯᠠᠭ᠎ᠠ ᠶᠢᠨ ᠠᠬᠤᠢ ᠲᠠᠯᠠᠪᠠᠢ ᠳᠤ ᠂ ᠣᠬᠤᠷ ᠹᠢᠯᠢᠮ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠵᠦᠢᠯ ᠤᠨ ᠬᠡᠯᠪᠡᠷᠢ ᠪᠠᠷ ᠡᠭᠡᠯ ᠵᠢᠷ ᠤᠨ ᠪᠥᠭᠡᠳ ᠠᠭᠤᠤ ᠶᠡᠭᠡ ᠪᠠᠶᠠᠷ ᠪᠠᠭ᠋ᠠᠳᠤᠯ ᠪᠠ ᠰᠠᠶᠢᠨ ᠬᠥᠮᠦᠨ ᠤ ᠦᠯᠢᠬᠡᠷ ᠪᠦᠬᠦᠨ ᠢ ᠤᠯᠠᠨ ᠲᠠᠯ᠎ᠠ ᠠᠴᠠ ᠲᠣᠭᠯᠠᠵᠤ᠂ ᠤᠯᠠᠨ ᠤ ᠳᠡᠷᠭᠡᠳᠡᠬᠢ ᠰᠠᠶᠢᠨ ᠬᠥᠮᠦᠨ ᠢ ᠢᠯᠡᠷᠡᠭᠦᠯᠬᠦ᠂ ᠳᠡᠷᠭᠡᠳᠡᠬᠢ ᠰᠠᠶᠢᠨ ᠬᠥᠮᠦᠨ ᠠᠴᠠ ᠰᠤᠷᠤᠯᠴᠠᠬᠤ᠂ ᠳᠡᠷᠭᠡᠳᠡᠬᠢ ᠰᠠᠶᠢᠨ ᠬᠥᠮᠦᠨ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃
     2023 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ ᠰᠢᠩ ᠡᡁᠧ ᠰᠠᠶᠢᠨ ᠬᠥᠮᠦᠨ ᠤ ᠨᠡᠷᠡᠰ ᠤᠨ ᠵᠢᠭᠰᠠᠭᠠᠯᠲᠠ︾᠎ ᠶᠢᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ
     ︽2023 ᠣᠨ ᠤ ᠰᠢᠩ ᠾᠧ ᠰᠢᠶᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠡᠷᠡᠰ ᠤᠨ ᠵᠢᠭᠰᠠᠭᠠᠯᠲᠠ︾᠎ ᠶᠢᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ      ᠲᠣᠰ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ 2022 ᠣᠨ ᠤ ᠤᠯᠠᠭᠠᠨᠴᠠᠪ ᠬᠤᠲᠠ ᠶᠢᠨ ᠨᠠᠢᠮᠠᠳᠤᠭᠠᠷ ᠬᠤᠭᠤᠴᠠᠭᠠᠨ ᠤ ᠶᠣᠰᠣ ᠮᠣᠷᠠᠯ ᠤᠨ ᠵᠢᠱᠢᠶᠡᠴᠢ ᠶᠢᠨ 2 ᠬᠥᠮᠦᠨ ᠵᠢᠴᠢ ᠨᠡᠷ᠎ᠡ ᠳᠤᠷᠠᠳᠤᠭᠳᠠᠭᠰᠠᠨ ᠱᠠᠩᠨᠠᠯ ᠤᠨ 5 ᠬᠥᠮᠦᠨ ᠢ ᠨᠡᠶᠢᠲᠡᠯᠡᠭᠰᠡᠨ ᠪᠥᠭᠡᠳ ︽2023 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ ᠰᠢᠩ ᠾᠧ ᠰᠢᠶᠠᠨ ᠤ ᠰᠠᠶᠢᠨ ᠬᠥᠮᠦᠨ ᠤ ᠨᠡᠷᠡᠰ ᠤᠨ ᠵᠢᠭᠰᠠᠭᠠᠯᠲᠠ︾᠎ ᠶᠢᠨ 9 ᠬᠥᠮᠦᠨ ᠪᠠ ︽2023 ᠣᠨ ᠤ ᠰᠢᠩ ᠾᠧ ᠰᠢᠶᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠡᠷᠡᠰ ᠤᠨ ᠵᠢᠭᠰᠠᠭᠠᠯᠲᠠ︾᠎ ᠶᠢᠨ 28 ᠬᠥᠮᠦᠨ ᠢ ᠬᠥᠬᠢᠭᠦᠯᠦᠨ ᠱᠠᠩᠨᠠᠵᠠᠶ᠃
     ᠸᠠᠩ ᠬᠠᠢ ᠵᠢᠶᠦ᠋ᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠡᠷᠢᠭᠦᠨ ᠤ ᠨᠡᠶᠢᠲᠡᠯᠢᠭ  ᠵᠢᠱᠢᠶ᠎ᠡ ᠪᠠᠷ ᠳᠠᠭᠤᠷᠢᠶᠠᠯ ᠪᠣᠯᠭᠠᠵᠤ᠂ ᠮᠡᠷᠭᠡᠳ ᠠᠴᠠ ᠲᠠᠭᠠᠨ ᠰᠤᠷᠤᠯᠴᠠᠵᠤ᠂ ᠰᠠᠶᠢᠨ ᠶᠠᠪᠤᠳᠠᠯ ᠢ ᠤᠷᠤᠰᠤᠮ᠎ᠠ ᠰᠣᠨᠣᠰᠴᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ︽ᠲᠠᠪᠤᠨ ᠶᠡᠭᠡ ᠠᠵᠤ ᠠᠬᠤᠢ︾᠎ ᠶᠢ ᠬᠥᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠳᠦᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃      ᠲᠤᠬᠠᠢ ᠶᠢᠨ ᠲᠠᠯᠠᠪᠠᠢ ᠳᠤ ᠪᠠᠰᠠ ᠴᠧᠩ ᠭᠤᠸᠠᠨ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠶᠢᠨ ᠲᠣᠭᠯᠠᠯᠲᠠ ᠶᠠᠪᠤᠭᠳᠠᠭᠤᠯᠵᠠᠢ᠃ ᠲᠤᠰ ᠤᠳᠠᠭ᠎ᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠪᠥᠵᠢᠭ ᠂ ᠪᠠᠭ᠎ᠠ ᠨᠠᠶᠢᠷᠠᠯ ᠳᠠᠭᠤᠤ᠂ ᠴᠠᠷᠭᠢᠯ ᠺᠢᠨᠣ᠋᠂ ᠤᠯᠠᠭᠠᠨ ᠳᠠᠭᠤᠤ ᠶᠢᠨ ᠬᠠᠮᠲᠤᠷᠠᠭᠰᠠᠨ ᠳᠠᠭᠤᠤ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠤᠯᠠᠨ ᠵᠦᠢᠯ ᠤᠨ ᠬᠡᠯᠪᠡᠷᠢ ᠪᠠᠷ ᠳᠡᠷᠭᠡᠳᠡᠬᠢ ᠰᠠᠶᠢᠨ ᠬᠥᠮᠦᠨ ᠢ ᠮᠠᠭᠲᠠᠨ ᠰᠠᠶᠢᠰᠢᠶᠠᠬᠤ ᠶᠢ ᠢᠯᠡᠳᠬᠡᠵᠦ᠂ ᠳᠡᠷᠭᠡᠳᠡᠬᠢ ᠰᠠᠶᠢᠨ ᠬᠥᠮᠦᠨ ᠤ ᠡᠭᠡᠯ ᠵᠢᠷ ᠤᠨ ᠦᠢᠯᠡ ᠠᠵᠢᠯᠯᠠᠭ᠎ᠠ᠂ ᠶᠡᠭᠡ ᠬᠠᠶᠢᠷ᠎ᠠ ᠰᠡᠳᠬᠢᠯᠭᠡ ᠪᠠᠷ ᠬᠤᠳᠠ ᠶᠢᠨ ᠪᠣᠯᠪᠠᠰᠤᠨ ᠤ ᠳᠡᠪᠢᠰᠬᠡᠷ ᠦᠩᠭᠡ ᠶᠢ ᠳᠡᠯᠭᠡᠵᠦ᠂ ᠤᠷᠮ᠎ᠠ ᠪᠠᠬ᠎ᠠ ᠶᠢ ᠨᠡᠩ ᠳᠤᠯᠠᠭᠠᠬᠠᠨ ᠪᠣᠯᠭᠠᠬᠤ ᠶᠢ ᠠᠮᠢᠳᠤᠯᠢᠭ ᠢᠶᠠᠷ ᠢᠯᠡᠷᠡᠭᠦᠯᠪᠡ᠃ ᠬᠠᠮᠲᠤᠷᠠᠭᠰᠠᠨ ᠲᠣᠭᠯᠠᠯᠲᠠ ᠳᠠᠭᠤᠰᠤᠭᠰᠠᠨ ᠤ ᠳᠠᠷᠠᠭ᠎ᠠ ᠰᠢᠯᠢᠳᠡᠭ ᠲᠣᠭᠯᠠᠯᠲᠠ ᠶᠢ ᠬᠥᠬᠢᠭᠦᠯᠦᠨ ᠰᠠᠶᠢᠰᠢᠶᠠᠪᠠ᠃      ᠰᠢᠶᠠᠨ ᠤ ᠤᠳᠤᠷᠢᠳᠤᠯᠭ᠎ᠠ ᠵᠢᠢ ᠰᠢᠶᠤᠤ ᠬᠤᠢ᠂ ᠵᠤᠤ ᠬᠤᠢ ᠵᠢᠤᠢ᠂ ᠭᠦᠩ ᠰᠢᠤ ᠯᠦᠩ ᠠᠵᠢᠯᠯᠠᠭ᠎ᠠ ᠳᠤ ᠣᠷᠣᠯᠴᠠᠵᠠᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3