ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠴᠡᠭᠴᠡᠯᠡᠨ ᠵᠠᠰᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠲᠣᠬᠢᠷᠠᠭᠤᠯᠤᠯᠲᠠ ᠶᠢᠨ ᠬᠤᠷᠠᠯ ᠰᠢᠩ ᠾᠧ ᠰᠢᠶᠠᠨ ᠳᠤ  ᠬᠤᠷᠠᠯᠳᠤᠪᠠ
ᠨᠡᠶᠢᠲᠡᠯᠡᠭᠰᠡᠨ ᠴᠠᠭ᠄
2023/8/25
      8 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠬᠡᠷᠡᠭ ᠶᠠᠪᠤᠳᠠᠯ ᠤᠨ ᠭᠠᠵᠠᠷ ᠤᠨ ᠳᠠᠷᠤᠭ᠎ᠠ ᠯᠢ ᠭᠦᠸᠧ ᠫᠢᠩ ᠨᠡᠷ ᠮᠠᠨ ᠤ ᠰᠢᠶᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠴᠡᠭᠴᠡᠯᠡᠨ ᠵᠠᠰᠠᠬᠤ ᠠᠵᠢᠯ ᠤᠨ ᠲᠤᠬᠠᠶ ᠶᠢᠨ ᠲᠠᠯᠠᠪᠤᠷ ᠳᠤ  ᠬᠦᠬᠡᠬᠤᠲᠠ᠂ ᠤᠯᠠᠭᠠᠨᠴᠠᠪ ᠬᠤᠳᠠ ᠵᠢᠴᠢ ᠡᠯ᠎ᠡ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠤᠪᠴᠢᠶ᠎ᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ᠂ ᠰᠢᠶᠠᠨ ᠤ ᠠᠷᠠᠳ ᠤᠨ ᠶᠠᠪᠤᠳᠠᠯ ᠤᠨ ᠲᠤᠪᠴᠢᠶ᠎ᠡ ᠶᠢᠨ ᠬᠠᠷᠢᠭᠤᠴᠠᠯᠭᠠᠲᠠᠨ ᠠᠴᠠ ᠰᠢᠩ ᠡᡁᠧ ᠰᠢᠶᠠᠨ ᠤ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠰᠢᠩ ᠡᡁᠧ ᠰᠢᠶᠠᠨ ᠤ ︽ᠨᠢᠭᠡ ᠶᠢ ᠪᠥᠭᠯᠡᠬᠦ᠂ ᠬᠤᠶᠠᠷ ᠢ ᠱᠠᠩᠨᠠᠬᠤ᠂ ᠭᠤᠷᠪᠠ ᠶᠢ ᠡᠪᠳᠡᠬᠦ᠂ ᠲᠦᠷᠪᠡ ᠶᠢ ᠨᠠᠶᠢᠳᠠᠪᠤᠷᠢᠵᠢᠭᠤᠯᠬᠤ︾ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠵᠠᠰᠠᠬᠤ ᠠᠵᠢᠯ ᠤᠨ ᠠᠷᠭ᠎ᠠ ᠶᠢ ᠨᠠᠷᠢᠨ ᠲᠠᠶᠢᠯᠪᠤᠷᠢᠯᠠᠵᠠᠢ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠲᠤᠰᠬᠠᠶᠢᠯᠠᠨ ᠴᠡᠭᠴᠡᠯᠡᠨ ᠵᠠᠰᠠᠬᠤ ᠪᠣᠯ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠴᠡᠭᠴᠡᠯᠡᠨ ᠵᠠᠰᠠᠬᠤ ᠵᠣᠷᠢᠭ ᠨᠢ ᠶᠡᠭᠡ ᠪᠠᠶᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠬᠠᠮᠤᠭ ᠤᠨ ᠶᠡᠭᠡ ᠵᠣᠷᠢᠭ ᠰᠢᠭᠤᠳᠴᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠦᠵᠡᠭᠳᠡᠯ ᠢ ᠬᠤᠷᠢᠭᠯᠠᠨ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠲᠤᠰᠬᠠᠶ ᠴᠡᠭᠴᠡᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠶ︔ ᠵᠠᠰᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠨᠡᠩ ᠤᠬᠠᠮᠰᠠᠷ ᠲᠠᠢ᠂ ᠰᠤᠷᠲᠠᠯ ᠤᠨ ᠲᠠᠯ᠎ᠠ ᠪᠠᠷ ᠨᠡᠩ ᠯᠠᠪᠳᠠᠭᠤᠨ ᠪᠠᠲᠤᠲᠠᠢ᠂ ᠴᠡᠭᠴᠡᠯᠡᠨ ᠵᠠᠰᠠᠬᠤ ᠲᠠᠯ᠎ᠠ ᠪᠠᠷ ᠨᠡᠩ ᠲᠦᠢᠯᠪᠤᠷᠢᠲᠠᠢ ᠪᠠᠶᠢᠬᠤ ᠶᠢ ᠪᠡᠶᠡᠯᠡᠭᠦᠯᠵᠦ᠂ ᠴᠡᠭᠴᠡᠯᠡᠨ ᠵᠠᠰᠠᠬᠤ ᠠᠵᠢᠯ ᠢ ᠦᠷ᠎ᠡ ᠪᠦᠲᠦᠮᠵᠢ ᠲᠠᠢ ᠠᠳᠬᠤᠵᠤ᠂ ᠪᠣᠳᠠᠲᠤ ᠦᠷ᠎ᠡ ᠪᠦᠲᠦᠮᠵᠢ ᠲᠠᠢ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠭᠤᠭᠴᠤᠭ᠎ᠠ ᠶᠢ ᠪᠠᠲᠤ ᠡᠵᠡᠮᠳᠡᠵᠦ᠂ ᠰᠢᠩ ᠡᡁᠧ ᠰᠢᠶᠠᠨ ᠤ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠤᠯᠠᠨ ᠲᠦᠮᠡᠨ ᠤ ᠠᠵᠢᠯ ᠢ ᠤᠯᠠᠮ ᠴᠢᠨᠠᠭᠰᠢᠳᠠ ᠪᠣᠳᠠᠲᠠᠶᠢᠵᠢᠭᠤᠯᠤᠨ ᠨᠠᠷᠢᠯᠢᠭ ᠬᠢᠵᠦ᠂ ᠵᠠᠩ ᠳᠠᠳᠬᠠᠯ ᠢ ᠥᠭᠡᠷᠡᠴᠢᠯᠡᠬᠦ᠂ ᠵᠤᠵᠠᠭᠠᠨ ᠲᠡᠵᠢᠭᠡᠵᠦ ᠪᠠᠭ᠎ᠠ ᠣᠷᠣᠰᠢᠭᠤᠯᠬᠤ᠂ ᠠᠮᠢ ᠠᠬᠤᠢ ᠶᠢᠨ ᠣᠷᠣᠰᠢᠭᠤᠯᠭ᠎ᠠ ᠶᠢᠨ ᠰᠢᠨ᠎ᠡ ᠣᠶᠢᠯᠠᠭᠠᠭᠳᠠᠬᠤᠨ ᠢ ᠶᠡᠬᠡᠪᠡᠷ ᠰᠠᠨᠠᠭᠠᠴᠢᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠢᠦᠢ ᠬᠤᠩ ᠯᠢᠶᠠᠩ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3