8 ᠰᠠᠷ᠎ᠠ ᠶᠢᠨ 23 ᠤ ᠡᠳᠦᠷ᠂ ︽ᠦᠯᠢᠭᠡᠷ ᠳᠠᠭᠤᠷᠢᠶᠠᠯ ᠢᠶᠠᠷ ᠪᠣᠯᠪᠠᠰᠤᠨ ᠤ ᠠᠵᠢᠯ ᠨᠢᠭᠡᠲᠡᠨ ᠢᠶᠠᠨ | ᠬᠦᠳᠦᠯᠦᠨ ᠳᠠᠭᠠᠭᠤᠯᠤᠶ᠎ᠠ︾ ᠭᠡᠬᠦ ᠭᠤᠣᠯ ᠰᠡᠳᠦᠪ ᠲᠠᠢ 2023 ᠣᠨ ᠤ ︽ᠰᠢᠩ ᠡᡁᠧ ᠰᠠᠶᠢᠨ ᠬᠥᠮᠦᠨ ᠤ | ᠨᠡᠷᠡᠰ︾ ᠢ ᠨᠡᠶᠢᠲᠡᠯᠡᠬᠦ ᠶᠣᠰᠣᠯᠠᠯ ᠵᠢᠴᠢ ᠴᠧᠩ ᠭᠤᠸᠠᠨ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠤᠯᠠᠨ | ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠮᠠᠨ ᠤ | ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠶᠠᠪᠤᠭᠳᠠᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠵᠢᠶᠦ᠋ᠨ ᠠᠵᠢᠯᠯᠠᠭ᠎ᠠ ᠳᠤ | ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ | | | ᠠᠵᠢᠯᠯᠠᠭ᠎ᠠ ᠨᠢ ᠳᠠᠭᠤᠤ ᠪᠥᠵᠢᠭ ︽ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ | ᠲᠡᠷᠭᠡᠯᠰᠢᠭᠦᠯᠦᠶ᠎ᠡ︾ ᠭᠡᠬᠦ ᠵᠦᠴᠦᠭᠡ ᠶᠢᠨ ᠳᠤᠮᠳᠠ ᠬᠥᠰᠢᠭᠡ ᠪᠠᠨ ᠰᠡᠬᠦᠵᠦ᠂ ᠠᠵᠢᠯᠯᠠᠭ᠎ᠠ ᠶᠢᠨ ᠠᠬᠤᠢ ᠲᠠᠯᠠᠪᠠᠢ ᠳᠤ | ᠂ ᠣᠬᠤᠷ ᠹᠢᠯᠢᠮ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠵᠦᠢᠯ ᠤᠨ ᠬᠡᠯᠪᠡᠷᠢ ᠪᠠᠷ ᠡᠭᠡᠯ ᠵᠢᠷ ᠤᠨ ᠪᠥᠭᠡᠳ | ᠠᠭᠤᠤ ᠶᠡᠭᠡ ᠪᠠᠶᠠᠷ ᠪᠠᠭ᠋ᠠᠳᠤᠯ ᠪᠠ ᠰᠠᠶᠢᠨ ᠬᠥᠮᠦᠨ ᠤ ᠦᠯᠢᠬᠡᠷ ᠪᠦᠬᠦᠨ ᠢ ᠤᠯᠠᠨ ᠲᠠᠯ᠎ᠠ ᠠᠴᠠ ᠲᠣᠭᠯᠠᠵᠤ᠂ | ᠤᠯᠠᠨ ᠤ ᠳᠡᠷᠭᠡᠳᠡᠬᠢ ᠰᠠᠶᠢᠨ ᠬᠥᠮᠦᠨ ᠢ ᠢᠯᠡᠷᠡᠭᠦᠯᠬᠦ᠂ ᠳᠡᠷᠭᠡᠳᠡᠬᠢ ᠰᠠᠶᠢᠨ ᠬᠥᠮᠦᠨ ᠠᠴᠠ ᠰᠤᠷᠤᠯᠴᠠᠬᠤ᠂ | ᠳᠡᠷᠭᠡᠳᠡᠬᠢ ᠰᠠᠶᠢᠨ ᠬᠥᠮᠦᠨ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃ | | | 2023 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ ᠰᠢᠩ ᠡᡁᠧ ᠰᠠᠶᠢᠨ ᠬᠥᠮᠦᠨ ᠤ ᠨᠡᠷᠡᠰ ᠤᠨ | ᠵᠢᠭᠰᠠᠭᠠᠯᠲᠠ︾ ᠶᠢᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ | | | ︽2023 ᠣᠨ ᠤ ᠰᠢᠩ ᠾᠧ ᠰᠢᠶᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠡᠷᠡᠰ ᠤᠨ | ᠵᠢᠭᠰᠠᠭᠠᠯᠲᠠ︾ ᠶᠢᠨ ᠲᠥᠯᠥᠭᠡᠯᠡᠭᠴᠢ ᠶᠢ ᠬᠥᠬᠢᠭᠦᠯᠦᠨ ᠰᠠᠶᠢᠰᠢᠶᠠᠪᠠ | ᠲᠣᠰ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ 2022 ᠣᠨ ᠤ ᠤᠯᠠᠭᠠᠨᠴᠠᠪ ᠬᠤᠲᠠ ᠶᠢᠨ ᠨᠠᠢᠮᠠᠳᠤᠭᠠᠷ | ᠬᠤᠭᠤᠴᠠᠭᠠᠨ ᠤ ᠶᠣᠰᠣ ᠮᠣᠷᠠᠯ ᠤᠨ ᠵᠢᠱᠢᠶᠡᠴᠢ ᠶᠢᠨ 2 ᠬᠥᠮᠦᠨ ᠵᠢᠴᠢ ᠨᠡᠷ᠎ᠡ ᠳᠤᠷᠠᠳᠤᠭᠳᠠᠭᠰᠠᠨ ᠱᠠᠩᠨᠠᠯ ᠤᠨ 5 | ᠬᠥᠮᠦᠨ ᠢ ᠨᠡᠶᠢᠲᠡᠯᠡᠭᠰᠡᠨ ᠪᠥᠭᠡᠳ ︽2023 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ ᠰᠢᠩ ᠾᠧ | ᠰᠢᠶᠠᠨ ᠤ ᠰᠠᠶᠢᠨ ᠬᠥᠮᠦᠨ ᠤ ᠨᠡᠷᠡᠰ ᠤᠨ ᠵᠢᠭᠰᠠᠭᠠᠯᠲᠠ︾ ᠶᠢᠨ 9 ᠬᠥᠮᠦᠨ ᠪᠠ ︽2023 ᠣᠨ ᠤ ᠰᠢᠩ ᠾᠧ | ᠰᠢᠶᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠨᠡᠷᠡᠰ ᠤᠨ ᠵᠢᠭᠰᠠᠭᠠᠯᠲᠠ︾ ᠶᠢᠨ 28 ᠬᠥᠮᠦᠨ ᠢ | ᠬᠥᠬᠢᠭᠦᠯᠦᠨ ᠱᠠᠩᠨᠠᠵᠠᠶ᠃ | | | ᠸᠠᠩ ᠬᠠᠢ ᠵᠢᠶᠦ᠋ᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠡᠷᠢᠭᠦᠨ ᠤ ᠨᠡᠶᠢᠲᠡᠯᠢᠭ | ᠵᠢᠱᠢᠶ᠎ᠡ ᠪᠠᠷ ᠳᠠᠭᠤᠷᠢᠶᠠᠯ ᠪᠣᠯᠭᠠᠵᠤ᠂ ᠮᠡᠷᠭᠡᠳ ᠠᠴᠠ ᠲᠠᠭᠠᠨ ᠰᠤᠷᠤᠯᠴᠠᠵᠤ᠂ ᠰᠠᠶᠢᠨ ᠶᠠᠪᠤᠳᠠᠯ ᠢ ᠤᠷᠤᠰᠤᠮ᠎ᠠ | ᠰᠣᠨᠣᠰᠴᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ | ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠵᠦ᠂ ︽ᠬᠤᠶᠠᠷ | ᠬᠦᠷᠢᠶᠡᠯᠡᠩ ᠬᠤᠶᠠᠷ ᠲᠣᠭᠤᠷᠢᠭ︾ ᠢ ᠪᠦᠳᠦᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠲᠤᠬᠠᠢ ᠶᠢᠨ ᠲᠠᠯᠠᠪᠠᠢ ᠳᠤ ᠪᠠᠰᠠ ᠴᠧᠩ ᠭᠤᠸᠠᠨ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠤᠯᠠᠨ | ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠶᠢᠨ | ᠲᠣᠭᠯᠠᠯᠲᠠ ᠶᠠᠪᠤᠭᠳᠠᠭᠤᠯᠵᠠᠢ᠃ ᠲᠤᠰ ᠤᠳᠠᠭ᠎ᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠪᠥᠵᠢᠭ | ᠂ ᠪᠠᠭ᠎ᠠ ᠨᠠᠶᠢᠷᠠᠯ ᠳᠠᠭᠤᠤ᠂ ᠴᠠᠷᠭᠢᠯ ᠺᠢᠨᠣ᠋᠂ ᠤᠯᠠᠭᠠᠨ ᠳᠠᠭᠤᠤ ᠶᠢᠨ ᠬᠠᠮᠲᠤᠷᠠᠭᠰᠠᠨ ᠳᠠᠭᠤᠤ ᠵᠡᠷᠭᠡ ᠭᠤᠶᠢᠳᠠ | ᠰᠠᠶᠢᠬᠠᠨ ᠲᠣᠭᠯᠠᠯᠲᠠ ᠨᠢ ᠤᠯᠠᠨ ᠵᠦᠢᠯ ᠤᠨ ᠬᠡᠯᠪᠡᠷᠢ ᠪᠠᠷ ᠳᠡᠷᠭᠡᠳᠡᠬᠢ ᠰᠠᠶᠢᠨ ᠬᠥᠮᠦᠨ ᠢ ᠮᠠᠭᠲᠠᠨ ᠰᠠᠶᠢᠰᠢᠶᠠᠬᠤ ᠶᠢ | ᠢᠯᠡᠳᠬᠡᠵᠦ᠂ ᠳᠡᠷᠭᠡᠳᠡᠬᠢ ᠰᠠᠶᠢᠨ ᠬᠥᠮᠦᠨ ᠤ ᠡᠭᠡᠯ ᠵᠢᠷ ᠤᠨ ᠦᠢᠯᠡ ᠠᠵᠢᠯᠯᠠᠭ᠎ᠠ᠂ ᠶᠡᠭᠡ ᠬᠠᠶᠢᠷ᠎ᠠ ᠰᠡᠳᠬᠢᠯᠭᠡ ᠪᠠᠷ | ᠬᠤᠳᠠ ᠶᠢᠨ ᠪᠣᠯᠪᠠᠰᠤᠨ ᠤ ᠳᠡᠪᠢᠰᠬᠡᠷ ᠦᠩᠭᠡ ᠶᠢ ᠳᠡᠯᠭᠡᠵᠦ᠂ ᠤᠷᠮ᠎ᠠ ᠪᠠᠬ᠎ᠠ ᠶᠢ ᠨᠡᠩ ᠳᠤᠯᠠᠭᠠᠬᠠᠨ ᠪᠣᠯᠭᠠᠬᠤ ᠶᠢ | ᠠᠮᠢᠳᠤᠯᠢᠭ ᠢᠶᠠᠷ ᠢᠯᠡᠷᠡᠭᠦᠯᠪᠡ᠃ ᠬᠠᠮᠲᠤᠷᠠᠭᠰᠠᠨ ᠲᠣᠭᠯᠠᠯᠲᠠ ᠳᠠᠭᠤᠰᠤᠭᠰᠠᠨ ᠤ ᠳᠠᠷᠠᠭ᠎ᠠ ᠰᠢᠯᠢᠳᠡᠭ ᠲᠣᠭᠯᠠᠯᠲᠠ ᠶᠢ | ᠬᠥᠬᠢᠭᠦᠯᠦᠨ ᠰᠠᠶᠢᠰᠢᠶᠠᠪᠠ᠃ | ᠰᠢᠶᠠᠨ ᠤ ᠤᠳᠤᠷᠢᠳᠤᠯᠭ᠎ᠠ ᠵᠢᠢ ᠰᠢᠶᠤᠤ ᠬᠤᠢ᠂ ᠵᠤᠤ ᠬᠤᠢ ᠵᠢᠤᠢ᠂ ᠭᠦᠩ ᠰᠢᠤ ᠯᠦᠩ ᠠᠵᠢᠯᠯᠠᠭ᠎ᠠ ᠳᠤ | ᠣᠷᠣᠯᠴᠠᠵᠠᠢ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |