ᠰᠢᠩ ᠾᠧ ᠰᠢᠶᠠᠨ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/8/25
      ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠪᠠᠷᠢᠮᠵᠢᠶ᠎ᠠ ᠨᠢᠭᠡᠳᠦᠯ ᠥᠬᠡᠶ ᠪᠠᠶᠢᠬᠤ ᠠᠰᠠᠭᠤᠳᠠᠯ ᠢ ᠬᠦᠴᠦᠯᠡᠨ  ᠰᠢᠢᠳᠪᠦᠷᠢᠯᠡᠬᠦ ᠶᠢᠨ ᠲᠥᠯᠥᠭᠡ᠂ 8 ᠰᠠᠷ᠎ᠠ ᠶᠢᠨ 24 ᠤ ᠡᠳᠦᠷ᠂ ᠰᠢᠩ ᠾᠧ ᠰᠢᠶᠠᠨ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃
     ᠪᠣᠯᠪᠠᠰᠤᠷᠠᠭᠤᠯᠤᠯ ᠳᠤ ᠪᠡᠭᠡᠵᠢᠩ ᠬᠤᠲᠠ ᠶᠢᠨ ᠤᠶᠤᠨᠲᠤ ᠤᠯᠤᠰ ᠲᠥᠷᠥ ᠶᠢᠨ ᠦᠢᠯᠡᠴᠢᠯᠡᠭᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠵᠠᠰᠠᠭ ᠤᠨ ᠶᠠᠪᠤᠳᠠᠯ ᠤᠨ ᠯᠧᠺᠲ᠋ᠣᠷ ᠢ ᠤᠷᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢ ᠲᠥᠷᠬᠦ ᠶᠢᠨ ᠶᠣᠰᠣ ᠵᠢᠷᠤᠮ ᠤᠨ ᠵᠢᠷᠤᠮᠵᠢᠯ᠂ ᠦᠢᠯᠡ ᠠᠵᠢᠯᠯᠠᠭᠠᠨ ᠤ ᠶᠣᠰᠣ ᠵᠢᠷᠤᠮ ᠤᠨ ᠵᠢᠷᠤᠮᠵᠢᠯ᠂ ᠪᠣᠯᠪᠠᠰᠤᠨ ᠬᠡᠷᠡᠭᠯᠡᠭᠡᠨ ᠤ ᠬᠡᠯᠡᠨ ᠤ ᠵᠢᠷᠤᠮᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ᠂ ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠤ ᠦᠢᠯᠡᠴᠢᠯᠡᠭᠡᠨ ᠤ ᠤᠬᠠᠮᠰᠠᠷ ᠤᠨ ᠳᠡᠭᠡᠭᠰᠢᠯᠡᠯᠲᠡ᠂ ᠶᠡᠷᠦᠩᠬᠡᠶᠢᠯᠡᠭᠰᠡᠨ ᠴᠣᠩᠬᠤᠨ ᠤ ᠵᠠᠭᠠᠯᠳᠤᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠤᠷ᠎ᠠ ᠮᠡᠷᠭᠡᠵᠢᠯ ᠵᠡᠷᠭᠡ ᠲᠠᠯ᠎ᠠ ᠪᠠᠷ ᠬᠢᠴᠢᠶᠡᠯ  ᠤᠷᠤᠪᠠ᠃      ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠶᠡᠷᠦᠩᠬᠡᠶᠢᠯᠡᠭᠰᠡᠨ ᠴᠣᠩᠬᠤᠨ ᠤ ᠠᠵᠢᠯᠲᠠᠳ ᠲᠤ ᠤᠯᠤᠰ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠦᠷᠢᠶ᠎ᠡ ᠶᠢ ᠴᠢᠩᠭᠠᠳᠬᠠᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠷᠴᠢᠮ ᠪᠠ ᠡᠷᠡᠰ ᠵᠣᠷᠢᠭ ᠢ ᠨᠠᠩ ᠲᠦᠷᠭᠡᠨ ᠨᠠᠩ ᠰᠠᠶᠢᠨ ᠣᠶᠢᠯᠠᠭᠠᠭᠤᠯᠵᠤ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3