ᠴᠠᠭ | 2023ᠤᠨ ᠤ 8 ᠰᠠᠷ᠎ᠠ ᠶᠢᠨ 29 ᠤ ᠡᠳᠦᠷ | ᠬᠦᠨᠳᠦᠲᠦ ᠵᠣᠴᠢᠨ | ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧᠦ ᠽᠦᠸᠧ ᠮᠢᠨ | ᠲᠣᠪᠴᠢᠯᠠᠯ | ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠡ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠶᠢ ᠳᠥᠭᠦᠮᠴᠢᠯᠡᠬᠦ ᠶᠢ ᠬᠦᠴᠦᠯᠡᠨ | ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦ | ᠨᠡᠮᠡᠷᠢᠯᠡᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ᠃ | ︽ᠰᠤᠷᠪᠤᠯᠵᠢᠯᠠᠭᠴᠢ︾᠄ ᠣᠳᠣᠬᠠᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠪᠣᠯ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠮᠥᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠡᠭᠦᠷᠭᠡ ᠴᠢᠳᠠᠪᠤᠷᠢ ᠪᠠ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠭᠰᠡᠨ ᠪᠣᠶ︖ | ︽ᠾᠧᠦ ᠽᠦᠸᠧ ᠮᠢᠨ︾᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢᠭᠡᠳᠦᠭᠡᠷ ᠹᠷᠣᠨᠲ ᠤᠨ ᠨᠢᠭᠡᠴᠡ | ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠳᠠᠬᠢᠨ ᠵᠣᠬᠢᠶᠠᠬᠤ᠂ ᠴᠠᠭ ᠤᠨ ᠬᠢᠵᠠᠭᠠᠷ ᠢ | ᠪᠠᠭᠠᠰᠬᠠᠬᠤ᠂ ᠭᠤᠭᠴᠤᠭ᠎ᠠ ᠶᠢ ᠴᠣᠮᠬᠠᠳᠬᠠᠬᠤ᠂ ᠨᠢᠭᠡᠳᠦᠯᠲᠡᠶ ᠥᠨᠳᠥᠷ ᠪᠦᠲᠦᠮᠵᠢᠲᠡᠶ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠳᠠᠯᠢ ᠪᠠᠷᠢᠮᠵᠢᠶᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠬᠤ ᠠᠵᠢᠯ ᠢ ᠬᠠᠷᠢᠭᠤᠴᠠᠨ᠎ᠠ᠃ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ | ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠯ᠎ᠠ ᠪᠠᠷ ᠵᠣᠬᠢᠶᠠᠨ ᠪᠠᠶᠢᠭᠤᠯᠵᠤ ᠬᠠᠮᠢᠶᠠᠷᠬᠤ᠂ | ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠵᠦ ᠪᠠᠶᠢᠨ᠎ᠠ᠃ | ︽ᠰᠤᠷᠪᠤᠯᠵᠢᠯᠠᠭᠴᠢ︾᠄ ᠣᠳᠣᠬᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠶᠠᠮᠠᠷ ᠶᠠᠮᠠᠷ ᠠᠷᠭ᠎ᠠ | ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ | ᠥᠩᠭᠡᠷᠡᠭᠡᠯᠲᠡ ᠶᠢ ᠰᠠᠶᠢᠵᠢᠷᠠᠭᠤᠯᠵᠤ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠠᠵᠢᠯ ᠶᠠᠪᠤᠳᠠᠯ | ᠭᠦᠢᠴᠡᠳᠭᠡᠬᠦ ᠶᠠᠪᠤᠴᠠ ᠶᠢ ᠪᠡᠶᠡᠯᠡᠭᠦᠯᠬᠦ ᠶᠢᠨ ᠤᠯᠠᠮ ᠠᠴᠠ ᠠᠵᠤ ᠠᠬᠤᠶᠢᠯᠠᠯ ᠳᠤ ᠨᠠᠩ ᠰᠠᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠬᠤ ᠪᠣᠶ︖ | ︽ᠾᠧᠦ ᠽᠦᠸᠧ ᠮᠢᠨ︾᠄ ᠨᠢᠭᠡ ᠳᠤ ᠶᠠᠪᠤᠴᠠ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠥᠷᠨᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠷᠠᠳ ᠲᠤ ᠲᠥᠬᠦᠮ ᠦᠵᠡᠭᠦᠯᠬᠦ ᠶᠢ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷᠡᠬᠢ 1545 ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠬᠢᠨ ᠡᠮᠬᠢᠯᠡᠨ ᠳᠢᠭᠯᠡᠵᠦ᠂ ︽ᠨᠢᠭᠡ ᠰᠦᠯᠵᠢᠶ᠎ᠡ ᠪᠠᠷ | ᠨᠡᠶᠢᠳᠡᠮ ᠰᠢᠢᠳᠪᠦᠷᠢᠯᠡᠬᠦ︾ ᠰᠠᠭᠤᠷᠢ ᠶᠢ ᠪᠠᠲᠤᠳᠬᠠᠨ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ | ᠵᠦᠢᠯᠡᠰ ᠢ ᠬᠠᠮᠲᠤᠷᠠᠨ ᠭᠦᠢᠴᠡᠳᠭᠡᠬᠦ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ ᠳᠠᠩᠰᠠᠯᠠᠭᠤᠯᠬᠤ ᠳᠤ ᠰᠦᠯᠵᠢᠶᠡᠨ ᠭᠠᠳᠠᠨᠠᠬᠢ ᠶᠡᠷᠦᠩᠬᠡᠶᠢᠯᠡᠭᠰᠡᠨ ᠴᠣᠩᠬᠤ ᠪᠠᠷ ᠭᠤᠶᠤᠴᠢᠯᠠᠬᠤ ᠪᠠᠷ | ᠳᠠᠮᠵᠢᠭᠤᠯᠤᠨ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠡᠷᠭᠢᠯᠡᠵᠦ᠂ ᠠᠵᠤ ᠠᠬᠤᠶᠢᠯᠠᠯ ᠢ ᠨᠠᠩ ᠰᠠᠨᠠᠭ᠎ᠠ ᠠᠮᠤᠷ᠂ | ᠨᠠᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠣᠯᠭᠠᠵᠤ ᠪᠣᠯᠤᠨ᠎ᠠ᠃ ᠠᠵᠢᠯᠲᠠᠳ ᠢ ᠵᠣᠬᠢᠶᠠᠨ ᠪᠠᠶᠢᠭᠤᠯᠵᠤ ︽ | ᠰᠦᠯᠵᠢᠶᠡᠨ ᠳᠡᠭᠡᠷ᠎ᠡ ᠡᠷᠬᠢᠯᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ | ᠂ ᠰᠢᠰᠲ᠋ᠧᠮ ᠤᠨ ᠠᠵᠢᠯᠯᠠᠭᠠᠨ ᠤ ᠶᠠᠪᠤᠴᠠ ᠶᠢ ᠣᠶᠢᠯᠠᠭᠠᠵᠤ᠂ ᠴᠣᠩᠬᠤ᠂ ᠵᠠᠮᠴᠢᠯᠠᠬᠤ ᠲᠠᠪᠴᠠᠩ᠂ ᠠᠰᠠᠭᠤᠨ | ᠯᠠᠪᠯᠠᠬᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠢ ᠭᠦᠢᠴᠡᠳᠭᠡᠬᠦ | ᠶᠠᠪᠤᠴᠠ ᠳᠤ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ᠂ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ | ᠲᠦᠮᠡᠨ ᠤ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠠᠰᠠᠭᠤᠳᠠᠯ ᠭᠠᠷᠪᠠᠯ᠂ ᠴᠠᠭ | ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠣᠯᠠᠨ ᠲᠦᠮᠡᠨ ᠤ | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠳᠤ ᠰᠠᠨᠠᠭ᠎ᠠ ᠠᠮᠤᠷ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠷᠭᠦᠯᠵᠢᠯᠡᠨ | ᠲᠦᠯᠬᠢᠨ ᠠᠬᠢᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠎ᠡ᠃ ᠪᠦᠬᠦ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ | ᠪᠥᠬᠦ ᠰᠢᠶᠠᠨ ᠤ 1 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ 9 ᠰᠢᠶᠠᠩ ᠪᠠᠯᠭᠠᠰᠤ᠂ 174 ᠲᠣᠰᠬᠤᠨ | ︵ᠨᠡᠶᠢᠭᠡᠮ ᠲᠣᠭᠤᠷᠢᠭ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠢᠶᠠᠨ᠂ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ | ᠢ ᠬᠠᠮᠤᠷᠤᠭᠰᠠᠨ ᠨᠢᠭᠡᠳᠦᠯᠲᠡᠶ ᠭᠤᠷᠪᠠᠨ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ | ᠤᠷᠢᠳᠴᠢᠯᠠᠨ ᠬᠢᠨᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠡᠯᠧᠺᠲᠷᠣᠨ ᠬᠢᠨᠠᠨ ᠪᠠᠶᠢᠴᠠᠭᠠᠯᠲᠠ᠂ ᠲᠤᠭ᠎ᠠ | ᠪᠠᠷᠢᠮᠲᠠ ᠶᠢ ᠵᠠᠳᠠᠯᠤᠨ ᠪᠦᠷᠢᠳᠬᠡᠬᠦ ᠵᠡᠷᠭᠡ ᠴᠢᠳᠠᠮᠵᠢ ᠶᠢ ᠪᠡᠶᠡᠯᠡᠭᠦᠯᠪᠡ᠃ ᠡᠭᠦᠨ ᠤ ᠬᠠᠮᠲᠤ᠂ ︽ᠥᠪᠥᠷ | ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ app︾ ᠬᠢᠭᠡᠳ ᠪᠥᠬᠦ ᠣᠷᠣᠨ ᠤ ᠨᠢᠭᠡ ᠴᠤᠭᠴᠠᠵᠢᠭᠰᠠᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠢᠳᠡᠪᠬᠢᠲᠡᠶ ᠪᠠᠷ | ᠵᠣᠯᠭᠠᠭᠤᠯᠵᠤ᠂ ᠨᠠᠩ ᠶᠡᠭᠡ ᠬᠡᠪᠴᠢᠶᠡᠨ ᠳᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ ᠣᠨᠳᠣᠤ | ᠭᠠᠵᠠᠷ ᠲᠤ ᠭᠦᠢᠴᠡᠳᠭᠡᠵᠦ ᠪᠣᠯᠬᠤ᠂ ᠠᠯᠠᠭᠠᠨ ᠳᠡᠭᠡᠷ᠎ᠡ ᠪᠠᠨ ᠭᠦᠢᠴᠡᠳᠭᠡᠵᠦ ᠪᠣᠯᠬᠤ︾ ᠶᠢ ᠪᠡᠶᠡᠯᠡᠭᠦᠯᠦᠨ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠰᠢᠭᠯᠠᠨ᠂ ︽24 ᠴᠠᠭ ᠲᠤ | ᠡᠭᠦᠳᠡ ᠪᠠᠨ ᠬᠠᠭᠠᠬᠤ ᠥᠬᠡᠶ︾ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠨ᠎ᠠ᠃ | ᠭᠤᠷᠪᠠ ᠳᠤ᠂ ︽ᠨᠢᠭᠡ ᠴᠣᠩᠬᠤᠨ ᠤ ᠥᠭᠡᠷᠡᠴᠢᠯᠡᠯᠲᠡ︾ ᠶᠢ ᠶᠠᠪᠤᠭᠤᠯᠵᠤ᠂ ᠠᠵᠤ ᠠᠬᠤᠶᠢᠯᠠᠯ ᠪᠠ ᠤᠯᠠᠨ | ᠲᠦᠮᠡᠨ ᠳᠤ ︽ᠳᠡᠯᠭᠡᠭᠦᠷ ᠤᠨ ᠵᠢᠵᠢᠭ ᠳᠡᠯᠭᠡᠭᠦᠷ︾ ᠤᠨ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ︽ᠲᠣᠮᠣ | ᠶᠡᠷᠦᠩᠬᠡᠶᠢᠯᠡᠭᠰᠡᠨ ᠴᠣᠩᠬᠤ + ᠲᠤᠰᠬᠠᠶ ᠣᠷᠣᠨ ᠤ ᠶᠡᠷᠦᠩᠬᠡᠶᠢᠯᠡᠭᠰᠡᠨ ᠴᠣᠩᠬᠤ︾ ᠶᠢᠨ ᠵᠠᠭᠪᠤᠷ ᠢ ᠬᠡᠷᠡᠭᠯᠡᠨ᠂ | ᠥᠯᠥ ᠬᠥᠳᠡᠯᠬᠦ ᠬᠥᠷᠥᠩᠭᠡ᠂ ᠭᠠᠶᠢᠯᠢ ᠶᠢᠨ ᠶᠠᠪᠤᠳᠠᠯ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ᠂ ᠳᠣᠲᠣᠭᠠᠳᠤ ᠶᠢ | ᠬᠠᠮᠠᠭᠠᠯᠠᠬᠤ᠂ ᠨᠡᠶᠢᠭᠡᠮ ᠤᠨ ᠪᠠᠲᠤᠯᠠᠭ᠎ᠠ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠵᠡᠷᠭᠡ 6 ᠲᠤᠰᠬᠠᠶ ᠣᠷᠣᠨ ᠤ | ᠶᠡᠷᠦᠩᠬᠡᠶᠢᠯᠡᠭᠰᠡᠨ ᠴᠣᠩᠬᠤ ᠵᠢᠴᠢ 8 ᠲᠣᠮᠣ ᠶᠡᠷᠦᠩᠬᠡᠶᠢᠯᠡᠭᠰᠡᠨ ᠴᠣᠩᠬᠤ ᠭᠠᠷᠭᠠᠵᠤ᠂ ︽ᠡᠮᠦᠨ᠎ᠡ ᠲᠠᠪᠴᠠᠩ ᠳᠤ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ | ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠡᠭᠦᠨ ᠤ | ᠬᠠᠮᠲᠤ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ ᠵᠠᠭᠪᠤᠷ ᠢ ᠬᠡᠷᠡᠭᠵᠢᠭᠦᠯᠵᠦ᠂ ᠦᠢᠯᠡᠴᠢᠯᠡᠭᠡᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ | ᠪᠣᠯᠭᠠᠨ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠡᠬᠡ ᠳᠠᠩᠰᠠ ᠶᠢ ᠪᠠᠶᠢᠭᠤᠯᠵᠤ᠂ | ᠠᠭᠤᠯᠭ᠎ᠠ ᠨᠢ ᠲᠥᠷᠥᠯ ᠵᠦᠢᠯ ᠢ ᠬᠡᠷᠡᠭᠵᠢᠭᠦᠯᠦᠭᠰᠡᠨ ᠬᠠᠶ᠋ᠢᠭ᠂ ᠲᠥᠷᠥᠯ ᠵᠦᠢᠯ ᠤᠨ ᠲᠦᠢᠮᠣ ᠪᠠᠶᠢᠳᠠᠯ᠂ ᠠᠵᠤ | ᠠᠬᠤᠶᠢᠯᠠᠯ ᠤᠨ ᠮᠡᠳᠡᠭᠡ ᠵᠠᠩᠭᠢ ᠵᠢᠴᠢ ᠮᠥᠷᠳᠡᠨ ᠦᠢᠯᠡᠴᠢᠯᠡᠭᠰᠡᠨ ᠪᠠᠶᠢᠳᠠᠯ ᠵᠡᠷᠭᠡ ᠳᠤ ᠬᠤᠯᠪᠣᠭᠳᠠᠵᠤ᠂ ᠡᠭᠦᠨ ᠤ | ᠬᠠᠮᠲᠤ ᠲᠥᠷᠥᠯ ᠵᠦᠢᠯ ᠢ ᠬᠥᠮᠦᠨ ᠤ ᠪᠡᠶ᠎ᠡ ᠳᠤ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠠᠷᠢᠯᠴᠠᠭᠴᠢ ᠠᠴᠠ | ᠮᠥᠷᠳᠡᠨ ᠦᠢᠯᠡᠴᠢᠯᠡᠬᠦ ᠶᠢ ᠥᠷᠨᠢᠭᠦᠯᠵᠦ᠂ ᠲᠥᠷᠥᠯ ᠵᠦᠢᠯ ᠤᠨ ᠬᠠᠷᠢᠯᠴᠠᠭᠴᠢ ᠨᠢ ᠡᠬᠡ ᠲᠠᠩᠰᠠ | ᠪᠠᠶᠢᠭᠤᠯᠬᠤ ᠠᠴᠠ ᠭᠠᠷᠳᠠᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠲᠤᠭ᠎ᠠ᠂ ᠲᠥᠷᠥᠯ ᠵᠦᠢᠯ ᠤᠨ | ᠠᠬᠢᠴᠠ᠂ ᠲᠥᠷᠥᠯ ᠵᠦᠢᠯ ᠢ ᠳᠠᠭᠠᠭᠠᠨ ᠪᠠᠶᠢᠭᠤᠯᠬᠤ ᠨᠢᠭᠡᠴᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠳᠣᠭᠢᠷᠠᠭᠤᠯᠤᠨ ᠬᠡᠷᠡᠭᠯᠡᠬᠦ᠂ ᠡᠵᠡᠩᠨᠡᠯᠲᠡ ᠶᠢᠨ ᠣᠷᠣᠯᠭ᠎ᠠ ᠶᠢᠨ ᠦᠷ᠎ᠡ ᠠᠰᠢᠭ ᠢ ᠵᠢᠱᠢᠭᠰᠡᠨ ᠵᠡᠷᠭᠡ ᠪᠠᠶᠢᠳᠠᠯ ᠢ ᠪᠥᠬᠦ | ᠲᠠᠯ᠎ᠠ ᠪᠠᠷ ᠤᠶᠢᠯᠠᠭᠠᠨ ᠡᠵᠡᠮᠰᠢᠬᠦ ᠶᠢᠨ ᠬᠠᠮᠲᠤ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠵᠣᠯᠭᠠᠭᠤᠯᠤᠭᠰᠠᠨ | ᠰᠠᠭᠤᠷᠢᠨ ᠳᠡᠭᠡᠷ᠎ᠡ᠂ ᠰᠠᠶᠢᠨ ᠶᠠᠪᠤᠳᠠᠯ ᠤᠨ ᠡᠮᠦᠨ᠎ᠡ᠂ ᠶᠠᠪᠤᠴᠠ ᠶᠢᠨ ᠳᠤᠮᠳᠠᠬᠢ ᠪᠠ ᠶᠠᠪᠤᠳᠠᠯ ᠤᠨ ᠳᠠᠷᠠᠭᠠᠬᠢ | ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ | ᠨᠠᠶᠢᠳᠠᠪᠤᠷᠢᠵᠢᠭᠤᠯᠤᠨ᠎ᠠ᠃ | ︽ᠰᠤᠷᠪᠤᠯᠵᠢᠯᠠᠭᠴᠢ︾᠄ ︽ᠢᠯᠡ᠂ ᠥᠨᠳᠥᠷ ᠪᠦᠲᠦᠮᠵᠢᠲᠡᠶ᠂ ᠳᠥᠭᠦᠮ ᠳᠥᠲᠡ︾ ᠭᠡᠳᠡᠭ ᠪᠣᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠᠨ ᠵᠠᠩᠭᠢᠯᠠᠭ᠎ᠠ ᠶᠢᠨ ᠦᠭᠡ ᠮᠥᠨ᠂ ᠮᠥᠨ ᠴᠦ ᠲᠠ ᠳᠠᠬᠢᠨ | ᠳᠠᠪᠲᠠᠨ ᠳᠤᠷᠠᠳᠤᠭᠰᠠᠨ ᠶᠤᠮ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠢᠯᠡ᠂ ᠥᠨᠳᠥᠷ | ᠪᠦᠲᠦᠮᠵᠢᠲᠡᠶ᠂ ᠳᠥᠭᠦᠮ ᠳᠥᠲᠡ︾ ᠪᠠᠶᠢᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠮᠡᠳᠡᠶ᠎ᠡ ᠭᠡᠵᠦ ᠪᠤᠳᠤᠵᠤ | ᠪᠠᠶᠢᠨ᠎ᠠ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ︽ᠢᠯᠡ᠂ ᠥᠨᠳᠥᠷ ᠪᠦᠲᠦᠮᠵᠢᠲᠡᠶ᠂ | ᠳᠥᠭᠦᠮ ᠳᠥᠲᠡ︾ ᠪᠠᠶᠢᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠮᠡᠳᠡᠶ᠎ᠡ ᠭᠡᠵᠦ ᠪᠤᠳᠤᠵᠤ ᠪᠠᠶᠢᠨ᠎ᠠ᠃ | ︽ᠾᠧᠦ ᠽᠦᠸᠧ ᠮᠢᠨ︾᠄ ᠢᠯᠡ ᠪᠣᠯᠭᠠᠬᠤ ᠲᠠᠯ᠎ᠠ ᠪᠠᠷ᠄ ᠨᠢᠭᠡ ᠳᠤ᠂ ᠤᠴᠢᠷ ᠶᠠᠪᠤᠳᠠᠯ ᠤᠨ ᠨᠠᠷᠢᠨ | ᠲᠠᠩᠰᠠ ᠶᠢ ᠢᠯᠡ ᠪᠣᠯᠭᠠᠨ᠎ᠠ᠃ ᠵᠠᠰᠠᠭ ᠵᠠᠬᠢᠷᠭᠠᠨ ᠤ ᠡᠷᠬᠡ᠂ ᠣᠯᠠᠨ ᠨᠡᠶᠢᠲᠡ ᠶᠢᠨ ᠦᠢᠯᠡᠴᠢᠯᠡᠭᠡ ᠵᠢᠴᠢ ︽ | ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠶᠦᠯᠭᠡᠬᠦ︾ ᠵᠡᠷᠭᠡ ᠵᠦᠢᠯᠡᠰ ᠤᠨ ᠨᠠᠷᠢᠨ ᠲᠠᠩᠰᠠ ᠶᠢ | ᠢᠯᠡ ᠨᠡᠶᠢᠲᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠠᠷᠢᠨ ᠲᠠᠩᠰᠠ ᠠᠴᠠ ᠭᠠᠳᠠᠨ᠎ᠠ ᠬᠢᠨᠠᠨ | ᠵᠥᠪᠰᠢᠶᠡᠷᠡᠬᠦ ᠥᠬᠡᠶ︾ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢ ᠢᠯᠡ ᠠᠵᠤ ᠠᠬᠤᠶᠢᠯᠠᠯ ᠤᠨ ᠤᠯᠠᠨ ᠲᠦᠮᠡᠨ ᠲᠠᠢ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠵᠦᠢᠯᠡᠰ᠂ ᠪᠠᠷᠢᠮᠵᠢᠶ᠎ᠠ ᠵᠡᠷᠭᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠤᠯᠠᠨ ᠲᠦᠮᠡᠨ ᠳᠤ | ᠥᠭᠡᠷᠡᠴᠢᠯᠡᠯᠲᠡ ᠶᠢᠨ ᠠᠰᠢᠭ ᠢ ᠨᠡᠩ ᠰᠠᠶᠢᠨ ᠡᠳ᠋ᠯᠡᠭᠦᠯᠦᠨ᠎ᠡ᠃ ᠭᠤᠷᠪᠠ ᠳᠤ᠂ ᠠᠵᠢᠯ ᠶᠠᠪᠤᠳᠠᠯ ᠡᠷᠬᠢᠯᠡᠬᠦ | ᠵᠦᠭᠯᠡᠭᠦᠷ ᠢ ᠢᠯᠡ ᠪᠣᠯᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠦᠨᠳᠦᠰᠦᠯᠡᠯ᠂ ᠨᠥᠬᠦᠴᠡᠯ | ᠲᠠᠰ ᠳᠠᠷᠠᠭᠠᠯᠠᠯ ᠵᠢᠴᠢ ᠲᠤᠰᠢᠶᠠᠬᠤ ᠴᠢᠬᠤᠯᠠᠲᠠᠶ ᠮᠠᠲ᠋ᠧᠷᠢᠶᠠᠯ ᠪᠠ ᠭᠦᠢᠴᠡᠳᠭᠡᠭᠰᠡᠨ ᠪᠠᠶᠢᠳᠠᠯ ᠵᠡᠷᠭᠡ ᠳᠤ ᠴᠠᠭ | ᠲᠤᠬᠠᠶ ᠳᠤᠨᠢ ᠵᠠᠰᠠᠪᠤᠷᠢ ᠣᠷᠣᠭᠤᠯᠬᠤ ᠪᠠ ᠨᠡᠶᠢᠲᠡᠯᠡᠵᠦ᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠢᠯᠡ ᠲᠣᠳᠣ | ᠪᠣᠯᠭᠠᠨ᠎ᠠ᠃ | ᠥᠨᠳᠥᠷ ᠪᠦᠲᠦᠮᠵᠢᠲᠡᠶ ᠪᠠᠶᠢᠬᠤ ᠲᠠᠯ᠎ᠠ ᠪᠠᠷ᠄ ᠨᠢᠭᠡ ᠳᠤ ︽ᠣᠷᠣᠯᠠᠨ ᠭᠦᠢᠴᠡᠳᠬᠡᠬᠦ᠂ ᠬᠠᠪᠰᠤᠷᠤᠨ | ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠤᠷᠢᠳ ᠢᠶᠠᠷ ᠣᠷᠣᠯᠴᠠᠬᠤ᠂ ᠤᠷᠢᠳ ᠢᠶᠠᠷ ᠦᠢᠯᠡᠴᠢᠯᠡᠬᠦ᠂ | ᠬᠥᠭᠵᠢᠭᠦᠯᠦᠯᠲᠡ ᠥᠭᠡᠷᠡᠴᠢᠯᠡᠯᠲᠡ᠂ ᠠᠮᠢ ᠠᠬᠤᠶ᠂ ᠥᠪᠡᠷᠲᠡᠭᠡᠨ ᠮᠡᠳᠡᠷᠡᠬᠦ ᠡᠬᠢ ᠪᠠᠶᠠᠯᠢᠭ᠂ ᠣᠷᠣᠨ ᠰᠠᠭᠤᠴᠠ | ᠪᠠ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠤᠷᠴᠠ ᠴᠢᠳᠠᠮᠠᠭᠠᠶ ᠬᠥᠮᠦᠰ ᠢ ᠰᠣᠩᠭᠤᠨ ᠰᠢᠯᠵᠢᠭᠦᠯᠵᠦ᠂ ᠬᠠᠮᠲᠤᠷᠠᠨ ᠬᠢᠨᠠᠵᠤ ᠬᠠᠮᠲᠤᠷᠠᠨ | ᠵᠥᠪᠰᠢᠶᠡᠷᠡᠬᠦ ᠠᠵᠢᠯ ᠤᠨ ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ ᠭᠤᠣᠯᠳᠠᠯᠭ᠎ᠠ ᠲᠠᠢ ᠵᠦᠢᠯᠡᠰ ᠤᠨ | ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ ᠢ ᠬᠠᠷᠢᠭᠤᠴᠠᠭᠤᠯᠵᠤ᠂ ᠵᠦᠢᠯᠡᠰ ᠤᠨ ᠬᠠᠮᠲᠤᠷᠠᠨ ᠬᠢᠨᠠᠵᠤ | ᠬᠠᠮᠲᠤᠷᠠᠨ ᠵᠥᠪᠰᠢᠶᠡᠷᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠠᠭᠠᠨ ᠳᠠᠪᠲᠠᠮᠵᠢ ᠶᠢ ᠠᠰᠢᠭᠯᠠᠨ | ᠬᠠᠮᠲᠤᠷᠠᠨ ᠬᠢᠨᠠᠵᠤ᠂ ᠬᠢᠨᠠᠨ ᠵᠥᠪᠰᠢᠶᠡᠷᠡᠬᠦ ᠵᠢᠷᠤᠮ ᠢ ᠤᠯᠠᠮ ᠨᠢᠭᠡ ᠠᠯᠬᠤᠮ ᠳᠥᠭᠦᠮᠴᠢᠯᠡᠨ᠂ ᠬᠢᠨᠠᠨ ᠵᠥᠪᠰᠢᠶᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠬᠢᠨᠠᠨ ᠵᠥᠪᠰᠢᠶᠡᠷᠡᠭᠰᠡᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠡᠯ᠎ᠡ ᠵᠦᠢᠯ ᠤᠨ ᠵᠣᠷᠢᠯᠭ᠎ᠠ ᠶᠢᠨ ᠨᠠᠷᠢᠨ ᠪᠣᠳᠠᠲᠠᠶ ᠪᠠᠶᠢᠳᠠᠯ ᠢ ᠪᠦᠬᠦ | ᠲᠠᠯ᠎ᠠ ᠪᠠᠷ ᠡᠵᠡᠮᠰᠢᠬᠦ ᠶᠢ ᠦᠨᠡᠨ ᠬᠦ ᠪᠠᠲᠤᠯᠠᠵᠤ᠂ ᠵᠦᠢᠯᠡᠰ ᠢ ᠡᠷᠲᠡ ᠬᠢᠨᠠᠨ ᠵᠥᠪᠰᠢᠶᠡᠷᠡᠬᠦ᠂ ᠡᠷᠲᠡ ᠪᠦᠳᠦᠭᠡᠨ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ︽ᠨᠢᠭᠡ ᠴᠣᠩᠬᠤ᠂ ᠨᠢᠭᠡ ᠬᠥᠮᠦᠨ᠂ ᠨᠢᠭᠡ ᠶᠠᠪᠤᠴᠠ︾ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠰᠢᠭᠦᠭᠳᠡᠬᠦ ᠶᠢ ᠰᠠᠯᠭᠠᠬᠤ︾ ᠵᠠᠭᠪᠤᠷ ᠶᠣᠰᠣᠭᠠᠷ᠂ ᠶᠡᠷᠦᠩᠬᠡᠶ | ᠰᠠᠯᠠᠭᠠᠨ ᠤ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠡᠯ᠎ᠡ ᠰᠠᠯᠠᠭ᠎ᠠ | ᠮᠥᠴᠢᠷ ᠤᠨ ᠬᠢᠨ ᠲᠦᠷᠦᠭᠦᠦ ᠲᠥᠯᠥᠭᠡᠯᠡᠭᠴᠢ ᠲᠣᠮᠢᠯᠠᠨ ᠶᠡᠭᠡ ᠲᠢᠩᠬᠢᠮ ᠳᠤ ᠰᠠᠭᠤᠯᠭᠠᠬᠤ ᠶᠢᠨ ᠬᠠᠮᠲᠤ ᠭᠦᠢᠴᠡᠳ | ᠡᠷᠬᠡ ᠣᠯᠭᠤᠵᠤ᠂ ᠳᠠᠷᠤᠢ ᠳᠤᠨᠢ ᠭᠦᠢᠴᠡᠳᠬᠡᠬᠦ ᠬᠠᠷᠢᠴᠠᠯ ᠢ ᠳᠡᠭᠡᠭᠰᠢᠯᠡᠭᠦᠯᠪᠡ᠃ ᠴᠠᠭ ᠤᠨ ᠬᠢᠵᠠᠭᠠᠷ ᠢ ᠪᠠᠭᠠᠰᠬᠠᠬᠤ | ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ ᠪᠠᠷ ᠳᠠᠮᠵᠢᠭᠤᠯᠤᠨ᠂ | ᠬᠡᠷᠡᠭ ᠶᠠᠪᠤᠳᠠᠯ ᠳᠤ ︽ᠴᠤᠪᠤᠷᠠᠯ ᠢ ᠳᠠᠬᠢᠨ ᠵᠣᠬᠢᠶᠠᠬᠤ︾ ᠠᠵᠢᠯ ᠢ ᠬᠢᠵᠦ᠂ ᠬᠢᠨᠠᠨ ᠵᠥᠪᠰᠢᠶᠡᠷᠡᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠣᠷᠣᠨ ᠵᠠᠶ ᠶᠢ ᠠᠭᠤᠳᠠᠯᠤᠨ᠎ᠠ᠃ ᠭᠤᠷᠪᠠ ᠳᠤ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠩᠭᠡᠷᠡᠭᠰᠡᠨ ᠳᠤ ᠣᠯᠠᠨ ᠰᠠᠯᠠᠭ᠎ᠠ | ᠮᠥᠴᠢᠷ᠂ ᠣᠯᠠᠨ ᠬᠦᠷᠢᠶᠡᠨ ᠳᠤ ᠣᠴᠢᠵᠤ ᠭᠦᠢᠴᠡᠳᠭᠡᠬᠦ ᠴᠢᠬᠤᠯᠠᠲᠠᠶ ᠪᠠᠶᠢᠭᠰᠠᠨ ᠠᠯᠢ ᠣᠯᠠᠨ ᠤᠴᠢᠷ ᠶᠠᠪᠤᠳᠠᠯ ᠢ | ᠨᠡᠶᠢᠯᠡᠭᠦᠯᠦᠭᠡᠳ ︽ᠨᠢᠭᠡ ᠤᠴᠢᠷ︾ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠳᠣᠲᠣᠭᠠᠳᠤ ᠳᠠᠭᠠᠨ | ᠡᠷᠭᠢᠯᠳᠦᠭᠦᠯᠬᠦ᠂ ᠵᠡᠷᠭᠡ ᠪᠠᠷ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠬᠤᠯᠪᠣᠭᠳᠠᠬᠤ ᠪᠣᠶ ᠪᠥᠬᠦᠶ ᠤᠴᠢᠷ | ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠨ᠎ᠠ᠃ ᠣᠳᠣᠬᠠᠨ ᠳᠤ᠂ ︽ᠨᠢᠭᠡ ᠶᠠᠪᠤᠳᠠᠯ ᠢ ᠨᠢᠭᠡ | ᠤᠳᠠᠭ᠎ᠠ ᠳᠤ ᠭᠦᠢᠴᠡᠳᠭᠡᠬᠦ︾ ᠢᠵᠢ ᠦᠢᠯᠡᠴᠢᠯᠡᠭᠡ ᠶᠢ ᠨᠢᠭᠡᠨᠲᠡ 16 ᠭᠠᠷᠭᠠᠵᠤ᠂ 8000 ᠭᠠᠷᠤᠶ | ᠲᠤᠬᠠᠶᠢᠯᠠᠭᠰᠠᠨ ᠠᠵᠢᠯ ᠢ ᠭᠦᠢᠴᠡᠳᠭᠡᠵᠡᠢ᠂ ᠡᠨᠡ ᠵᠢᠯ ᠪᠢᠳᠡ ᠦᠷᠭᠦᠯᠵᠢᠯᠡᠨ ᠠᠵᠤ ᠠᠬᠤᠶᠢᠯᠠᠯ ᠪᠠ ᠬᠤᠪᠢ | ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠨᠠᠩ ᠣᠯᠠᠨ ᠦᠢᠯᠡᠴᠢᠯᠡᠭᠡᠨ ᠤ ᠢᠵᠢ | ᠦᠢᠯᠡᠴᠢᠯᠡᠭᠡ ᠶᠢ ᠭᠠᠷᠭᠠᠵᠤ᠂ ᠡᠭᠦᠨ ᠢᠶᠠᠷ ᠮᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠳᠥᠭᠦᠮ ᠳᠥᠲᠡ ᠪᠠᠶᠢᠬᠤ ᠲᠠᠯ᠎ᠠ ᠪᠠᠷ᠄ ᠨᠢᠭᠡ ᠳᠤ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ | ᠰᠢᠨ᠎ᠡ ᠶᠢ ᠡᠭᠦᠳᠦᠨ᠎ᠡ᠃ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ ᠪᠠᠷ ᠨᠠᠭᠠᠳᠤ ᠵᠠᠬ᠎ᠠ ᠶᠢᠨ | ᠱᠤᠭᠤᠮ ᠪᠣᠯᠭᠠᠵᠤ᠂ ᠨᠢᠭᠡ ᠤᠳᠠᠭ᠎ᠠ ᠭᠦᠶᠦᠬᠦ ᠪᠠᠷ ᠬᠠᠷᠠᠯᠲᠠ ᠪᠣᠯᠭᠠᠬᠤ︾ ᠵᠠᠷᠴᠢᠮ ᠢ ᠪᠠᠷᠢᠮᠲᠠᠯᠠᠨ᠂ ︽ᠤᠰᠤ | ᠴᠠᠬᠢᠯᠭᠠᠨ ᠬᠡᠶ︾ ᠶᠢᠨ ᠲᠤᠬᠠᠶᠢᠯᠠᠭᠰᠠᠨ ᠠᠵᠢᠯ ᠢ ︽ᠨᠢᠭᠡ ᠴᠣᠩᠬᠤ ᠪᠠᠷ ᠶᠡᠷᠦᠩᠬᠡᠶᠢᠯᠡᠨ ᠭᠦᠢᠴᠡᠳᠭᠡᠬᠦ︾ ᠶᠢ | ᠦᠷᠭᠦᠯᠵᠢᠯᠡᠨ ᠠᠬᠢᠭᠤᠯᠵᠤ᠂ ᠰᠢᠤᠳᠠᠨ ᠤ ᠰᠦᠢᠳᠭᠡᠯ ᠬᠤᠷᠢᠶᠠᠬᠤ ᠥᠬᠡᠶ ᠪᠠᠷ ᠢᠯᠡᠭᠡᠬᠦ ᠦᠢᠯᠡᠴᠢᠯᠡᠭᠡ ᠶᠢ | ᠳᠡᠯᠭᠡᠷᠡᠭᠦᠯᠦᠨ᠂ ︽ᠬᠠᠪᠰᠤᠷᠤᠨ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠭᠦᠢᠴᠡᠳᠭᠡᠬᠦ᠂ ᠤᠷᠢᠳᠴᠢᠯᠠᠨ | ᠪᠣᠯᠵᠣᠬᠤ᠂ ᠬᠤᠶᠢᠰᠢᠯᠠᠭᠤᠯᠤᠨ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ︾ ᠶᠢ ᠥᠷᠨᠢᠭᠦᠯᠬᠦ ᠶᠢ | ᠪᠠᠷᠢᠮᠲᠠᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠲᠥᠬᠦᠮ ᠪᠣᠯᠭᠠᠨ᠎ᠠ᠃ ᠬᠤᠶᠠᠷ ᠲᠤ᠂ ᠤᠶᠤᠨᠲᠤ | ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠥᠪᠥᠷ ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠬᠡᠷ︾ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ︽ᠺᠣᠳ᠋ ᠰᠢᠷᠪᠢᠵᠦ ᠦᠨᠡᠮᠯᠡᠯ | ᠢᠯᠡᠷᠡᠭᠦᠯᠬᠦ︾ ᠶᠢ ᠢᠳᠡᠪᠬᠢᠲᠡᠶ ᠪᠠᠷ ᠳᠡᠯᠭᠡᠷᠡᠭᠦᠯᠵᠦ᠂ ᠦᠨᠡᠮᠯᠡᠯ ᠦᠨᠡᠮᠯᠡᠯ ᠢ ᠲᠤᠰᠢᠶᠠᠬᠤ ᠠᠴᠠ ᠭᠡᠯᠳᠦᠷᠢᠭᠦᠯᠬᠦ ᠶᠢ | ᠪᠡᠶᠡᠯᠡᠭᠦᠯᠦᠨ᠂ ︽ᠹᠦ᠋ ᠰᠢᠩ ᠵᠠᠰᠠᠭ ᠤᠨ ᠶᠠᠪᠤᠳᠠᠯ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ | ᠰᠦᠯᠵᠢᠶᠡᠨ ᠳᠡᠭᠡᠷᠡᠬᠢ ᠤᠶᠤᠨᠲᠤ ᠶᠡᠭᠡ ᠲᠢᠩᠬᠢᠮ︾ ᠢ ᠳᠡᠯᠭᠡᠷᠡᠭᠦᠯᠦᠨ᠂ ︽ᠨᠢᠭᠤᠷ ᠵᠣᠯᠭᠠᠬᠤ ᠥᠬᠡᠶ ᠪᠠᠷ ᠬᠢᠨᠠᠨ | ᠵᠥᠪᠰᠢᠶᠡᠷᠡᠭᠦᠯᠬᠦ︾ ᠰᠢᠨ᠎ᠡ ᠵᠠᠭᠪᠤᠷ ᠢ ᠪᠣᠶ ᠪᠣᠯᠭᠠᠨ᠎ᠠ᠃ ᠭᠤᠷᠪᠠ ᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠮᠬᠢᠯᠡᠨ ᠳᠣᠷᠣᠭᠰᠢ | ᠪᠠᠭᠤᠯᠭᠠᠵᠤ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠳᠤ ᠣᠷᠣᠭᠤᠯᠤᠨ | ᠭᠦᠢᠴᠡᠳᠭᠡᠵᠦ᠂ ᠵᠠᠰᠠᠭ ᠪᠠᠩᠬᠢ ᠬᠠᠮᠲᠤᠷᠠᠯᠴᠠᠬᠤ ᠠᠷᠭ᠎ᠠ ᠮᠠᠶ᠋ᠢᠭ ᠢ ᠠᠪᠴᠤ᠂ ᠥᠪᠡᠰᠦᠪᠡᠨ ᠦᠢᠯᠡᠴᠢᠯᠡᠬᠦ ᠨᠢᠭᠡ | ᠴᠣᠭᠴᠠᠲᠤ ᠮᠠᠰᠢᠨ ᠤ ᠵᠡᠭᠡᠯᠢ ᠪᠠᠯᠭᠠᠰᠤ᠂ ᠲᠣᠰᠬᠤᠨ ᠤ ᠬᠦᠶ ᠨᠢᠭᠡᠳᠦᠯ ᠤᠨ ᠦᠢᠯᠡᠴᠢᠯᠡᠭᠡᠨ ᠤ ᠲᠥᠪ ᠲᠤ | ᠣᠷᠣᠬᠤ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ | ᠨᠡᠪᠲᠡᠷᠡᠭᠦᠯᠦᠨ᠎ᠡ᠃ | ︽ᠰᠤᠷᠪᠤᠯᠵᠢᠯᠠᠭᠴᠢ︾᠄ ᠵᠠ᠂ ᠮᠠᠨ ᠤ ᠰᠤᠷᠪᠤᠯᠵᠢᠯᠠᠭ᠎ᠠ ᠶᠢ ᠾᠧᠦ ᠲᠣᠪᠴᠢᠶᠠᠨ ᠳᠠᠷᠤᠭ᠎ᠠ ᠶᠢᠨ ᠬᠦᠯᠢᠶᠡᠨ | ᠠᠪᠤᠭᠰᠠᠨ ᠳᠤ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ | ᠰᠦᠯᠵᠢᠶᠡᠨ ᠤ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |