ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/8/29
      ᠴᠠᠭ      2023ᠤᠨ ᠤ 8 ᠰᠠᠷ᠎ᠠ ᠶᠢᠨ 29  ᠤ ᠡᠳᠦᠷ      ᠬᠦᠨᠳᠦᠲᠦ ᠵᠣᠴᠢᠨ      ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧᠦ ᠽᠦᠸᠧ ᠮᠢᠨ      ᠲᠣᠪᠴᠢᠯᠠᠯ      ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠶᠢ ᠳᠥᠭᠦᠮᠴᠢᠯᠡᠬᠦ ᠶᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃      ︽ᠰᠤᠷᠪᠤᠯᠵᠢᠯᠠᠭᠴᠢ︾᠄ ᠣᠳᠣᠬᠠᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠮᠥᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠡᠭᠦᠷᠭᠡ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠭᠰᠡᠨ ᠪᠣᠶ︖      ︽ᠾᠧᠦ ᠽᠦᠸᠧ ᠮᠢᠨ︾᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢᠭᠡᠳᠦᠭᠡᠷ ᠹᠷᠣᠨᠲ ᠤᠨ ᠨᠢᠭᠡᠴᠡ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠳᠠᠬᠢᠨ ᠵᠣᠬᠢᠶᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠤᠭᠴᠤᠭ᠎ᠠ ᠶᠢ ᠴᠣᠮᠬᠠᠳᠬᠠᠬᠤ᠂ ᠨᠢᠭᠡᠳᠦᠯᠲᠡᠶ ᠥᠨᠳᠥᠷ ᠪᠦᠲᠦᠮᠵᠢᠲᠡᠶ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠳᠠᠯᠢ ᠪᠠᠷᠢᠮᠵᠢᠶᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠠᠵᠢᠯ ᠢ ᠬᠠᠷᠢᠭᠤᠴᠠᠨ᠎ᠠ᠃ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠯ᠎ᠠ ᠪᠠᠷ ᠵᠣᠬᠢᠶᠠᠨ ᠪᠠᠶᠢᠭᠤᠯᠵᠤ ᠬᠠᠮᠢᠶᠠᠷᠬᠤ᠂ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠵᠦ ᠪᠠᠶᠢᠨ᠎ᠠ᠃      ︽ᠰᠤᠷᠪᠤᠯᠵᠢᠯᠠᠭᠴᠢ︾᠄ ᠣᠳᠣᠬᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠥᠩᠭᠡᠷᠡᠭᠡᠯᠲᠡ ᠶᠢ ᠰᠠᠶᠢᠵᠢᠷᠠᠭᠤᠯᠵᠤ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠠᠵᠢᠯ ᠶᠠᠪᠤᠳᠠᠯ  ᠭᠦᠢᠴᠡᠳᠭᠡᠬᠦ ᠶᠠᠪᠤᠴᠠ ᠶᠢ ᠪᠡᠶᠡᠯᠡᠭᠦᠯᠬᠦ ᠶᠢᠨ ᠤᠯᠠᠮ ᠠᠴᠠ ᠠᠵᠤ ᠠᠬᠤᠶᠢᠯᠠᠯ ᠳᠤ ᠨᠠᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠪᠣᠶ︖      ︽ᠾᠧᠦ ᠽᠦᠸᠧ ᠮᠢᠨ︾᠄ ᠨᠢᠭᠡ ᠳᠤ ᠶᠠᠪᠤᠴᠠ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠷᠠᠳ ᠲᠤ ᠲᠥᠬᠦᠮ ᠦᠵᠡᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷᠡᠬᠢ 1545  ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠬᠢᠨ ᠡᠮᠬᠢᠯᠡᠨ ᠳᠢᠭᠯᠡᠵᠦ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠰᠠᠭᠤᠷᠢ ᠶᠢ ᠪᠠᠲᠤᠳᠬᠠᠨ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂  ᠵᠦᠢᠯᠡᠰ ᠢ ᠬᠠᠮᠲᠤᠷᠠᠨ ᠭᠦᠢᠴᠡᠳᠭᠡᠬᠦ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠭᠤᠯᠬᠤ ᠳᠤ ᠰᠦᠯᠵᠢᠶᠡᠨ ᠭᠠᠳᠠᠨᠠᠬᠢ ᠶᠡᠷᠦᠩᠬᠡᠶᠢᠯᠡᠭᠰᠡᠨ ᠴᠣᠩᠬᠤ ᠪᠠᠷ ᠭᠤᠶᠤᠴᠢᠯᠠᠬᠤ ᠪᠠᠷ ᠳᠠᠮᠵᠢᠭᠤᠯᠤᠨ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠡᠷᠭᠢᠯᠡᠵᠦ᠂ ᠠᠵᠤ ᠠᠬᠤᠶᠢᠯᠠᠯ ᠢ ᠨᠠᠩ ᠰᠠᠨᠠᠭ᠎ᠠ ᠠᠮᠤᠷ᠂ ᠨᠠᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠣᠯᠭᠠᠵᠤ ᠪᠣᠯᠤᠨ᠎ᠠ᠃ ᠠᠵᠢᠯᠲᠠᠳ ᠢ ᠵᠣᠬᠢᠶᠠᠨ ᠪᠠᠶᠢᠭᠤᠯᠵᠤ ︽ᠰᠦᠯᠵᠢᠶᠡᠨ ᠳᠡᠭᠡᠷ᠎ᠡ ᠡᠷᠬᠢᠯᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ ᠂ ᠰᠢᠰᠲ᠋ᠧᠮ ᠤᠨ ᠠᠵᠢᠯᠯᠠᠭᠠᠨ ᠤ ᠶᠠᠪᠤᠴᠠ ᠶᠢ ᠣᠶᠢᠯᠠᠭᠠᠵᠤ᠂ ᠴᠣᠩᠬᠤ᠂ ᠵᠠᠮᠴᠢᠯᠠᠬᠤ ᠲᠠᠪᠴᠠᠩ᠂ ᠠᠰᠠᠭᠤᠨ ᠯᠠᠪᠯᠠᠬᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ ᠳᠤ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠠᠰᠠᠭᠤᠳᠠᠯ ᠭᠠᠷᠪᠠᠯ᠂ ᠴᠠᠭ ᠲᠤᠬᠠᠶ ᠳᠤᠨᠢ ᠪᠦᠲᠦᠮᠵᠢᠲᠡᠶ  ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠳᠤ ᠰᠠᠨᠠᠭ᠎ᠠ ᠠᠮᠤᠷ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ ᠲᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠎ᠡ᠃ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠪᠥᠬᠦ ᠰᠢᠶᠠᠨ ᠤ 1 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ 9 ᠰᠢᠶᠠᠩ ᠪᠠᠯᠭᠠᠰᠤ᠂ 174 ᠲᠣᠰᠬᠤᠨ ︵ᠨᠡᠶᠢᠭᠡᠮ ᠲᠣᠭᠤᠷᠢᠭ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠢᠶᠠᠨ᠂ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠤᠭᠰᠠᠨ ᠨᠢᠭᠡᠳᠦᠯᠲᠡᠶ ᠭᠤᠷᠪᠠᠨ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠡᠯᠧᠺᠲᠷᠣᠨ ᠬᠢᠨᠠᠨ ᠪᠠᠶᠢᠴᠠᠭᠠᠯᠲᠠ᠂ ᠲᠤᠭ᠎ᠠ ᠪᠠᠷᠢᠮᠲᠠ ᠶᠢ ᠵᠠᠳᠠᠯᠤᠨ ᠪᠦᠷᠢᠳᠬᠡᠬᠦ ᠵᠡᠷᠭᠡ ᠴᠢᠳᠠᠮᠵᠢ ᠶᠢ ᠪᠡᠶᠡᠯᠡᠭᠦᠯᠪᠡ᠃ ᠡᠭᠦᠨ ᠤ ᠬᠠᠮᠲᠤ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ app︾ ᠬᠢᠭᠡᠳ ᠪᠥᠬᠦ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠢᠳᠡᠪᠬᠢᠲᠡᠶ ᠪᠠᠷ ᠵᠣᠯᠭᠠᠭᠤᠯᠵᠤ᠂ ᠨᠠᠩ ᠶᠡᠭᠡ ᠬᠡᠪᠴᠢᠶᠡᠨ ᠳᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ ᠣᠨᠳᠣᠤ ᠭᠠᠵᠠᠷ ᠲᠤ  ᠭᠦᠢᠴᠡᠳᠭᠡᠵᠦ ᠪᠣᠯᠬᠤ᠂ ᠠᠯᠠᠭᠠᠨ ᠳᠡᠭᠡᠷ᠎ᠡ ᠪᠠᠨ ᠭᠦᠢᠴᠡᠳᠭᠡᠵᠦ ᠪᠣᠯᠬᠤ︾ ᠶᠢ ᠪᠡᠶᠡᠯᠡᠭᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢ ᠠᠰᠢᠭᠯᠠᠨ᠂ ︽24 ᠴᠠᠭ ᠲᠤ ᠡᠭᠦᠳᠡ ᠪᠠᠨ ᠬᠠᠭᠠᠬᠤ ᠥᠬᠡᠶ︾ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠬᠠᠩᠭᠠᠨ᠎ᠠ᠃      ᠭᠤᠷᠪᠠ ᠳᠤ᠂ ︽ᠨᠢᠭᠡ ᠴᠣᠩᠬᠤᠨ ᠤ ᠥᠭᠡᠷᠡᠴᠢᠯᠡᠯᠲᠡ︾ ᠶᠢ ᠶᠠᠪᠤᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ︽ᠳᠡᠯᠭᠡᠭᠦᠷ ᠤᠨ ᠵᠢᠵᠢᠭ ᠳᠡᠯᠭᠡᠭᠦᠷ︾ ᠤᠨ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ︽ᠲᠣᠮᠣ ᠶᠡᠷᠦᠩᠬᠡᠶᠢᠯᠡᠭᠰᠡᠨ ᠴᠣᠩᠬᠤ + ᠲᠤᠰᠬᠠᠶ ᠣᠷᠣᠨ ᠤ ᠶᠡᠷᠦᠩᠬᠡᠶᠢᠯᠡᠭᠰᠡᠨ ᠴᠣᠩᠬᠤ︾ ᠶᠢᠨ ᠵᠠᠭᠪᠤᠷ ᠢ ᠬᠡᠷᠡᠭᠯᠡᠨ᠂ ᠥᠯᠥ ᠬᠥᠳᠡᠯᠬᠦ ᠬᠥᠷᠥᠩᠭᠡ᠂ ᠭᠠᠶᠢᠯᠢ ᠶᠢᠨ ᠶᠠᠪᠤᠳᠠᠯ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠤᠨ ᠪᠠᠲᠤᠯᠠᠭ᠎ᠠ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠵᠡᠷᠭᠡ 6 ᠲᠤᠰᠬᠠᠶ ᠣᠷᠣᠨ ᠤ ᠶᠡᠷᠦᠩᠬᠡᠶᠢᠯᠡᠭᠰᠡᠨ ᠴᠣᠩᠬᠤ ᠵᠢᠴᠢ 8 ᠲᠣᠮᠣ ᠶᠡᠷᠦᠩᠬᠡᠶᠢᠯᠡᠭᠰᠡᠨ ᠴᠣᠩᠬᠤ ᠭᠠᠷᠭᠠᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠡᠭᠦᠨ ᠤ ᠬᠠᠮᠲᠤ᠂ ︽ᠲᠥᠷᠥᠯ ᠵᠦᠢᠯ ᠤᠨ ᠬᠠᠮᠢᠶᠠᠷᠤᠭᠴᠢ︾ ᠶᠢᠨ ᠵᠠᠭᠪᠤᠷ ᠢ ᠬᠡᠷᠡᠭᠵᠢᠭᠦᠯᠵᠦ᠂ ᠦᠢᠯᠡᠴᠢᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ ᠪᠣᠯᠭᠠᠨ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠠᠭᠤᠯᠭ᠎ᠠ ᠨᠢ ᠲᠥᠷᠥᠯ ᠵᠦᠢᠯ ᠢ ᠬᠡᠷᠡᠭᠵᠢᠭᠦᠯᠦᠭᠰᠡᠨ ᠬᠠᠶ᠋ᠢᠭ᠂ ᠲᠥᠷᠥᠯ ᠵᠦᠢᠯ ᠤᠨ ᠲᠦᠢᠮᠣ ᠪᠠᠶᠢᠳᠠᠯ᠂ ᠠᠵᠤ ᠠᠬᠤᠶᠢᠯᠠᠯ ᠤᠨ ᠮᠡᠳᠡᠭᠡ ᠵᠠᠩᠭᠢ ᠵᠢᠴᠢ ᠮᠥᠷᠳᠡᠨ ᠦᠢᠯᠡᠴᠢᠯᠡᠭᠰᠡᠨ ᠪᠠᠶᠢᠳᠠᠯ ᠵᠡᠷᠭᠡ ᠳᠤ ᠬᠤᠯᠪᠣᠭᠳᠠᠵᠤ᠂ ᠡᠭᠦᠨ ᠤ ᠬᠠᠮᠲᠤ ᠲᠥᠷᠥᠯ ᠵᠦᠢᠯ ᠢ ᠬᠥᠮᠦᠨ ᠤ ᠪᠡᠶ᠎ᠡ ᠳᠤ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠠᠷᠢᠯᠴᠠᠭᠴᠢ ᠠᠴᠠ ᠮᠥᠷᠳᠡᠨ ᠦᠢᠯᠡᠴᠢᠯᠡᠬᠦ ᠶᠢ ᠥᠷᠨᠢᠭᠦᠯᠵᠦ᠂ ᠲᠥᠷᠥᠯ  ᠵᠦᠢᠯ ᠤᠨ ᠬᠠᠷᠢᠯᠴᠠᠭᠴᠢ ᠨᠢ ᠡᠬᠡ ᠲᠠᠩᠰᠠ ᠪᠠᠶᠢᠭᠤᠯᠬᠤ ᠠᠴᠠ ᠭᠠᠷᠳᠠᠵᠤ᠂ ᠲᠥᠷᠥᠯ  ᠵᠦᠢᠯ ᠤᠨ ᠪᠠᠯᠠ ᠣᠷᠣᠭᠤᠯᠤᠯᠲᠠ ᠶᠢᠨ ᠲᠤᠭ᠎ᠠ᠂ ᠲᠥᠷᠥᠯ ᠵᠦᠢᠯ ᠤᠨ ᠠᠬᠢᠴᠠ᠂ ᠲᠥᠷᠥᠯ ᠵᠦᠢᠯ ᠢ ᠳᠠᠭᠠᠭᠠᠨ ᠪᠠᠶᠢᠭᠤᠯᠬᠤ ᠨᠢᠭᠡᠴᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠬᠡᠷᠡᠭᠯᠡᠬᠦ᠂ ᠡᠵᠡᠩᠨᠡᠯᠲᠡ ᠶᠢᠨ ᠣᠷᠣᠯᠭ᠎ᠠ ᠶᠢᠨ ᠦᠷ᠎ᠡ ᠠᠰᠢᠭ ᠢ ᠵᠢᠱᠢᠭᠰᠡᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠬᠦ ᠶᠢᠨ ᠬᠠᠮᠲᠤ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠰᠠᠶᠢᠨ ᠶᠠᠪᠤᠳᠠᠯ ᠤᠨ ᠡᠮᠦᠨ᠎ᠡ᠂ ᠶᠠᠪᠤᠴᠠ ᠶᠢᠨ ᠳᠤᠮᠳᠠᠬᠢ ᠪᠠ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠎ᠠ᠃      ︽ᠰᠤᠷᠪᠤᠯᠵᠢᠯᠠᠭᠴᠢ︾᠄ ︽ᠢᠯᠡ᠂ ᠥᠨᠳᠥᠷ ᠪᠦᠲᠦᠮᠵᠢᠲᠡᠶ᠂ ᠳᠥᠭᠦᠮ ᠳᠥᠲᠡ︾ ᠭᠡᠳᠡᠭ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠᠨ ᠵᠠᠩᠭᠢᠯᠠᠭ᠎ᠠ ᠶᠢᠨ ᠦᠭᠡ ᠮᠥᠨ᠂ ᠮᠥᠨ ᠴᠦ ᠲᠠ ᠳᠠᠬᠢᠨ ᠳᠠᠪᠲᠠᠨ ᠳᠤᠷᠠᠳᠤᠭᠰᠠᠨ ᠶᠤᠮ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠢᠯᠡ᠂ ᠥᠨᠳᠥᠷ ᠪᠦᠲᠦᠮᠵᠢᠲᠡᠶ᠂ ᠳᠥᠭᠦᠮ ᠳᠥᠲᠡ︾ ᠪᠠᠶᠢᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠮᠡᠳᠡᠶ᠎ᠡ ᠭᠡᠵᠦ ᠪᠤᠳᠤᠵᠤ ᠪᠠᠶᠢᠨ᠎ᠠ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ︽ᠢᠯᠡ᠂ ᠥᠨᠳᠥᠷ ᠪᠦᠲᠦᠮᠵᠢᠲᠡᠶ᠂ ᠳᠥᠭᠦᠮ ᠳᠥᠲᠡ︾ ᠪᠠᠶᠢᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠮᠡᠳᠡᠶ᠎ᠡ ᠭᠡᠵᠦ ᠪᠤᠳᠤᠵᠤ ᠪᠠᠶᠢᠨ᠎ᠠ᠃      ︽ᠾᠧᠦ ᠽᠦᠸᠧ ᠮᠢᠨ︾᠄ ᠢᠯᠡ ᠪᠣᠯᠭᠠᠬᠤ ᠲᠠᠯ᠎ᠠ ᠪᠠᠷ᠄ ᠨᠢᠭᠡ ᠳᠤ᠂ ᠤᠴᠢᠷ ᠶᠠᠪᠤᠳᠠᠯ ᠤᠨ ᠨᠠᠷᠢᠨ ᠲᠠᠩᠰᠠ ᠶᠢ ᠢᠯᠡ ᠪᠣᠯᠭᠠᠨ᠎ᠠ᠃ ᠵᠠᠰᠠᠭ ᠵᠠᠬᠢᠷᠭᠠᠨ ᠤ ᠡᠷᠬᠡ᠂ ᠣᠯᠠᠨ ᠨᠡᠶᠢᠲᠡ ᠶᠢᠨ  ᠦᠢᠯᠡᠴᠢᠯᠡᠭᠡ ᠵᠢᠴᠢ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠶᠦᠯᠭᠡᠬᠦ︾ ᠵᠡᠷᠭᠡ  ᠵᠦᠢᠯᠡᠰ ᠤᠨ ᠨᠠᠷᠢᠨ ᠲᠠᠩᠰᠠ ᠶᠢ ᠢᠯᠡ ᠨᠡᠶᠢᠲᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠠᠷᠢᠨ ᠲᠠᠩᠰᠠ ᠠᠴᠠ ᠭᠠᠳᠠᠨ᠎ᠠ ᠬᠢᠨᠠᠨ ᠵᠥᠪᠰᠢᠶᠡᠷᠡᠬᠦ ᠥᠬᠡᠶ︾ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠢᠯᠡ ᠠᠵᠤ ᠠᠬᠤᠶᠢᠯᠠᠯ ᠤᠨ ᠤᠯᠠᠨ ᠲᠦᠮᠡᠨ ᠲᠠᠢ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠵᠦᠢᠯᠡᠰ᠂ ᠪᠠᠷᠢᠮᠵᠢᠶ᠎ᠠ ᠵᠡᠷᠭᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠤᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠢ ᠨᠡᠩ ᠰᠠᠶᠢᠨ ᠡᠳ᠋ᠯᠡᠭᠦᠯᠦᠨ᠎ᠡ᠃ ᠭᠤᠷᠪᠠ ᠳᠤ᠂ ᠠᠵᠢᠯ ᠶᠠᠪᠤᠳᠠᠯ ᠡᠷᠬᠢᠯᠡᠬᠦ ᠵᠦᠭᠯᠡᠭᠦᠷ ᠢ ᠢᠯᠡ ᠪᠣᠯᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠦᠨᠳᠦᠰᠦᠯᠡᠯ᠂ ᠨᠥᠬᠦᠴᠡᠯ ᠲᠠᠰ ᠳᠠᠷᠠᠭᠠᠯᠠᠯ ᠵᠢᠴᠢ ᠲᠤᠰᠢᠶᠠᠬᠤ ᠴᠢᠬᠤᠯᠠᠲᠠᠶ ᠮᠠᠲ᠋ᠧᠷᠢᠶᠠᠯ ᠪᠠ ᠭᠦᠢᠴᠡᠳᠭᠡᠭᠰᠡᠨ ᠪᠠᠶᠢᠳᠠᠯ ᠵᠡᠷᠭᠡ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ ᠨᠡᠶᠢᠲᠡᠯᠡᠵᠦ᠂ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠢᠯᠡ ᠲᠣᠳᠣ ᠪᠣᠯᠭᠠᠨ᠎ᠠ᠃      ᠥᠨᠳᠥᠷ ᠪᠦᠲᠦᠮᠵᠢᠲᠡᠶ ᠪᠠᠶᠢᠬᠤ ᠲᠠᠯ᠎ᠠ ᠪᠠᠷ᠄ ᠨᠢᠭᠡ ᠳᠤ ︽ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠤᠷᠢᠳ ᠢᠶᠠᠷ ᠣᠷᠣᠯᠴᠠᠬᠤ᠂ ᠤᠷᠢᠳ ᠢᠶᠠᠷ ᠦᠢᠯᠡᠴᠢᠯᠡᠬᠦ᠂ ᠬᠥᠭᠵᠢᠭᠦᠯᠦᠯᠲᠡ ᠥᠭᠡᠷᠡᠴᠢᠯᠡᠯᠲᠡ᠂ ᠠᠮᠢ ᠠᠬᠤᠶ᠂ ᠥᠪᠡᠷᠲᠡᠭᠡᠨ ᠮᠡᠳᠡᠷᠡᠬᠦ ᠡᠬᠢ ᠪᠠᠶᠠᠯᠢᠭ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠷᠴᠠ ᠴᠢᠳᠠᠮᠠᠭᠠᠶ ᠬᠥᠮᠦᠰ ᠢ ᠰᠣᠩᠭᠤᠨ ᠰᠢᠯᠵᠢᠭᠦᠯᠵᠦ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ ᠤᠨ ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ ᠭᠤᠣᠯᠳᠠᠯᠭ᠎ᠠ ᠲᠠᠢ ᠵᠦᠢᠯᠡᠰ ᠤᠨ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ ᠢ ᠬᠠᠷᠢᠭᠤᠴᠠᠭᠤᠯᠵᠤ᠂ ᠵᠦᠢᠯᠡᠰ ᠤᠨ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠠᠭᠠᠨ ᠳᠠᠪᠲᠠᠮᠵᠢ ᠶᠢ ᠠᠰᠢᠭᠯᠠᠨ ᠬᠠᠮᠲᠤᠷᠠᠨ ᠬᠢᠨᠠᠵᠤ᠂ ᠬᠢᠨᠠᠨ ᠵᠥᠪᠰᠢᠶᠡᠷᠡᠬᠦ ᠵᠢᠷᠤᠮ ᠢ ᠤᠯᠠᠮ ᠨᠢᠭᠡ ᠠᠯᠬᠤᠮ ᠳᠥᠭᠦᠮᠴᠢᠯᠡᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠬᠢᠨᠠᠨ ᠵᠥᠪᠰᠢᠶᠡᠷᠡᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠡᠯ᠎ᠡ ᠵᠦᠢᠯ ᠤᠨ ᠵᠣᠷᠢᠯᠭ᠎ᠠ ᠶᠢᠨ ᠨᠠᠷᠢᠨ ᠪᠣᠳᠠᠲᠠᠶ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢ ᠦᠨᠡᠨ ᠬᠦ ᠪᠠᠲᠤᠯᠠᠵᠤ᠂ ᠵᠦᠢᠯᠡᠰ ᠢ ᠡᠷᠲᠡ ᠬᠢᠨᠠᠨ ᠵᠥᠪᠰᠢᠶᠡᠷᠡᠬᠦ᠂ ᠡᠷᠲᠡ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ︽ᠨᠢᠭᠡ ᠴᠣᠩᠬᠤ᠂ ᠨᠢᠭᠡ ᠬᠥᠮᠦᠨ᠂ ᠨᠢᠭᠡ ᠶᠠᠪᠤᠴᠠ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠰᠢᠭᠦᠭᠳᠡᠬᠦ ᠶᠢ ᠰᠠᠯᠭᠠᠬᠤ︾ ᠵᠠᠭᠪᠤᠷ ᠶᠣᠰᠣᠭᠠᠷ᠂ ᠶᠡᠷᠦᠩᠬᠡᠶ ᠰᠠᠯᠠᠭᠠᠨ ᠤ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠲᠦᠷᠦᠭᠦᠦ ᠲᠥᠯᠥᠭᠡᠯᠡᠭᠴᠢ ᠲᠣᠮᠢᠯᠠᠨ ᠶᠡᠭᠡ ᠲᠢᠩᠬᠢᠮ ᠳᠤ ᠰᠠᠭᠤᠯᠭᠠᠬᠤ ᠶᠢᠨ ᠬᠠᠮᠲᠤ ᠭᠦᠢᠴᠡᠳ ᠡᠷᠬᠡ ᠣᠯᠭᠤᠵᠤ᠂ ᠳᠠᠷᠤᠢ ᠳᠤᠨᠢ ᠭᠦᠢᠴᠡᠳᠬᠡᠬᠦ ᠬᠠᠷᠢᠴᠠᠯ ᠢ ᠳᠡᠭᠡᠭᠰᠢᠯᠡᠭᠦᠯᠪᠡ᠃ ᠴᠠᠭ ᠤᠨ ᠬᠢᠵᠠᠭᠠᠷ ᠢ ᠪᠠᠭᠠᠰᠬᠠᠬᠤ ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ ᠪᠠᠷ ᠳᠠᠮᠵᠢᠭᠤᠯᠤᠨ᠂ ᠬᠡᠷᠡᠭ ᠶᠠᠪᠤᠳᠠᠯ ᠳᠤ ︽ᠴᠤᠪᠤᠷᠠᠯ ᠢ ᠳᠠᠬᠢᠨ ᠵᠣᠬᠢᠶᠠᠬᠤ︾ ᠠᠵᠢᠯ ᠢ ᠬᠢᠵᠦ᠂ ᠬᠢᠨᠠᠨ ᠵᠥᠪᠰᠢᠶᠡᠷᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠣᠷᠣᠨ ᠵᠠᠶ ᠶᠢ ᠠᠭᠤᠳᠠᠯᠤᠨ᠎ᠠ᠃ ᠭᠤᠷᠪᠠ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ  ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠩᠭᠡᠷᠡᠭᠰᠡᠨ ᠳᠤ ᠣᠯᠠᠨ ᠰᠠᠯᠠᠭ᠎ᠠ ᠮᠥᠴᠢᠷ᠂ ᠣᠯᠠᠨ ᠬᠦᠷᠢᠶᠡᠨ ᠳᠤ ᠣᠴᠢᠵᠤ ᠭᠦᠢᠴᠡᠳᠭᠡᠬᠦ ᠴᠢᠬᠤᠯᠠᠲᠠᠶ ᠪᠠᠶᠢᠭᠰᠠᠨ ᠠᠯᠢ ᠣᠯᠠᠨ ᠤᠴᠢᠷ ᠶᠠᠪᠤᠳᠠᠯ ᠢ ᠨᠡᠶᠢᠯᠡᠭᠦᠯᠦᠭᠡᠳ ︽ᠨᠢᠭᠡ ᠤᠴᠢᠷ︾ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠳᠣᠲᠣᠭᠠᠳᠤ ᠳᠠᠭᠠᠨ ᠡᠷᠭᠢᠯᠳᠦᠭᠦᠯᠬᠦ᠂ ᠵᠡᠷᠭᠡ ᠪᠠᠷ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠬᠤᠯᠪᠣᠭᠳᠠᠬᠤ ᠪᠣᠶ ᠪᠥᠬᠦᠶ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠨ᠎ᠠ᠃ ᠣᠳᠣᠬᠠᠨ ᠳᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠢᠵᠢ ᠦᠢᠯᠡᠴᠢᠯᠡᠭᠡ ᠶᠢ ᠨᠢᠭᠡᠨᠲᠡ 16 ᠭᠠᠷᠭᠠᠵᠤ᠂ 8000 ᠭᠠᠷᠤᠶ ᠲᠤᠬᠠᠶᠢᠯᠠᠭᠰᠠᠨ ᠠᠵᠢᠯ ᠢ ᠭᠦᠢᠴᠡᠳᠭᠡᠵᠡᠢ᠂ ᠡᠨᠡ ᠵᠢᠯ ᠪᠢᠳᠡ ᠦᠷᠭᠦᠯᠵᠢᠯᠡᠨ ᠠᠵᠤ ᠠᠬᠤᠶᠢᠯᠠᠯ ᠪᠠ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠨᠠᠩ ᠣᠯᠠᠨ  ᠦᠢᠯᠡᠴᠢᠯᠡᠭᠡᠨ ᠤ ᠢᠵᠢ ᠦᠢᠯᠡᠴᠢᠯᠡᠭᠡ ᠶᠢ ᠭᠠᠷᠭᠠᠵᠤ᠂ ᠡᠭᠦᠨ ᠢᠶᠠᠷ ᠮᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠳᠥᠭᠦᠮ ᠳᠥᠲᠡ ᠪᠠᠶᠢᠬᠤ ᠲᠠᠯ᠎ᠠ ᠪᠠᠷ᠄ ᠨᠢᠭᠡ ᠳᠤ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠦᠨ ᠰᠢᠨ᠎ᠡ ᠶᠢ ᠡᠭᠦᠳᠦᠨ᠎ᠡ᠃ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠬᠦ ᠪᠠᠷ ᠨᠠᠭᠠᠳᠤ ᠵᠠᠬ᠎ᠠ ᠶᠢᠨ ᠱᠤᠭᠤᠮ ᠪᠣᠯᠭᠠᠵᠤ᠂ ᠨᠢᠭᠡ ᠤᠳᠠᠭ᠎ᠠ ᠭᠦᠶᠦᠬᠦ ᠪᠠᠷ ᠬᠠᠷᠠᠯᠲᠠ ᠪᠣᠯᠭᠠᠬᠤ︾ ᠵᠠᠷᠴᠢᠮ ᠢ ᠪᠠᠷᠢᠮᠲᠠᠯᠠᠨ᠂ ︽ᠤᠰᠤ ᠴᠠᠬᠢᠯᠭᠠᠨ ᠬᠡᠶ︾ ᠶᠢᠨ ᠲᠤᠬᠠᠶᠢᠯᠠᠭᠰᠠᠨ ᠠᠵᠢᠯ ᠢ ︽ᠨᠢᠭᠡ ᠴᠣᠩᠬᠤ ᠪᠠᠷ ᠶᠡᠷᠦᠩᠬᠡᠶᠢᠯᠡᠨ ᠭᠦᠢᠴᠡᠳᠭᠡᠬᠦ︾ ᠶᠢ ᠦᠷᠭᠦᠯᠵᠢᠯᠡᠨ ᠠᠬᠢᠭᠤᠯᠵᠤ᠂ ᠰᠢᠤᠳᠠᠨ ᠤ ᠰᠦᠢᠳᠭᠡᠯ ᠬᠤᠷᠢᠶᠠᠬᠤ ᠥᠬᠡᠶ ᠪᠠᠷ ᠢᠯᠡᠭᠡᠬᠦ ᠦᠢᠯᠡᠴᠢᠯᠡᠭᠡ ᠶᠢ ᠳᠡᠯᠭᠡᠷᠡᠭᠦᠯᠦᠨ᠂ ︽ᠬᠠᠪᠰᠤᠷᠤᠨ ᠣᠷᠣᠯᠠᠨ  ᠭᠦᠢᠴᠡᠳᠭᠡᠬᠦ᠂ ᠬᠡᠷ ᠲᠤᠨᠢ ᠬᠦᠷᠴᠦ ᠭᠦᠢᠴᠡᠳᠭᠡᠬᠦ᠂ ᠤᠷᠢᠳᠴᠢᠯᠠᠨ ᠪᠣᠯᠵᠣᠬᠤ᠂ ᠬᠤᠶᠢᠰᠢᠯᠠᠭᠤᠯᠤᠨ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ︾ ᠶᠢ ᠥᠷᠨᠢᠭᠦᠯᠬᠦ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠲᠥᠬᠦᠮ ᠪᠣᠯᠭᠠᠨ᠎ᠠ᠃ ᠬᠤᠶᠠᠷ ᠲᠤ᠂ ᠤᠶᠤᠨᠲᠤ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ︽ᠺᠣᠳ᠋ ᠰᠢᠷᠪᠢᠵᠦ ᠦᠨᠡᠮᠯᠡᠯ ᠢᠯᠡᠷᠡᠭᠦᠯᠬᠦ︾ ᠶᠢ ᠢᠳᠡᠪᠬᠢᠲᠡᠶ ᠪᠠᠷ ᠳᠡᠯᠭᠡᠷᠡᠭᠦᠯᠵᠦ᠂ ᠦᠨᠡᠮᠯᠡᠯ ᠦᠨᠡᠮᠯᠡᠯ ᠢ ᠲᠤᠰᠢᠶᠠᠬᠤ ᠠᠴᠠ ᠭᠡᠯᠳᠦᠷᠢᠭᠦᠯᠬᠦ ᠶᠢ ᠪᠡᠶᠡᠯᠡᠭᠦᠯᠦᠨ᠂ ︽ᠹᠦ᠋ ᠰᠢᠩ ᠵᠠᠰᠠᠭ ᠤᠨ ᠶᠠᠪᠤᠳᠠᠯ︾ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠰᠦᠯᠵᠢᠶᠡᠨ ᠳᠡᠭᠡᠷᠡᠬᠢ ᠤᠶᠤᠨᠲᠤ ᠶᠡᠭᠡ ᠲᠢᠩᠬᠢᠮ︾ ᠢ ᠳᠡᠯᠭᠡᠷᠡᠭᠦᠯᠦᠨ᠂ ︽ᠨᠢᠭᠤᠷ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾ ᠰᠢᠨ᠎ᠡ ᠵᠠᠭᠪᠤᠷ ᠢ ᠪᠣᠶ ᠪᠣᠯᠭᠠᠨ᠎ᠠ᠃ ᠭᠤᠷᠪᠠ ᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠩ ᠣᠯᠠᠨ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠡᠮᠬᠢᠯᠡᠨ ᠳᠣᠷᠣᠭᠰᠢ ᠪᠠᠭᠤᠯᠭᠠᠵᠤ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠳᠤ ᠣᠷᠣᠭᠤᠯᠤᠨ  ᠭᠦᠢᠴᠡᠳᠭᠡᠵᠦ᠂ ᠵᠠᠰᠠᠭ ᠪᠠᠩᠬᠢ ᠬᠠᠮᠲᠤᠷᠠᠯᠴᠠᠬᠤ ᠠᠷᠭ᠎ᠠ ᠮᠠᠶ᠋ᠢᠭ ᠢ ᠠᠪᠴᠤ᠂ ᠥᠪᠡᠰᠦᠪᠡᠨ  ᠦᠢᠯᠡᠴᠢᠯᠡᠬᠦ‍ ᠨᠢᠭᠡ ᠴᠣᠭᠴᠠᠲᠤ ᠮᠠᠰᠢᠨ ᠤ ᠵᠡᠭᠡᠯᠢ ᠪᠠᠯᠭᠠᠰᠤ᠂ ᠲᠣᠰᠬᠤᠨ ᠤ ᠬᠦᠶ ᠨᠢᠭᠡᠳᠦᠯ ᠤᠨ  ᠦᠢᠯᠡᠴᠢᠯᠡᠭᠡᠨ ᠤ ᠲᠥᠪ ᠲᠤ ᠣᠷᠣᠬᠤ ᠶᠢ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃      ︽ᠰᠤᠷᠪᠤᠯᠵᠢᠯᠠᠭᠴᠢ︾᠄ ᠵᠠ᠂ ᠮᠠᠨ ᠤ ᠰᠤᠷᠪᠤᠯᠵᠢᠯᠠᠭ᠎ᠠ ᠶᠢ ᠾᠧᠦ ᠲᠣᠪᠴᠢᠶᠠᠨ ᠳᠠᠷᠤᠭ᠎ᠠ ᠶᠢᠨ ᠬᠦᠯᠢᠶᠡᠨ ᠠᠪᠤᠭᠰᠠᠨ ᠳᠤ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠤ ᠠᠨᠳᠠ ᠨᠠᠷ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ︕                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3