ᠪᠥᠬᠦ ᠬᠤᠲᠠ ᠶᠢᠨ ᠠᠷᠠᠳ ᠤᠨ ᠵᠥᠪᠯᠡᠯ ᠤᠨ ᠰᠢᠰᠲ᠋ᠧᠮ ᠤᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠬᠢᠭᠡᠳ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠭᠢ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/3
     ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠰᠢᠰᠲ᠋ᠧᠮ ᠤᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ 7 ᠰᠠᠷ᠎ᠠ ᠶᠢᠨ 31 ᠤ ᠡᠳᠦᠷ ᠠᠴᠠ 8 ᠰᠠᠷ᠎ᠠ ᠶᠢᠨ 2 ᠤᠨ ᠡᠳᠦᠷ ᠪᠣᠯᠲᠠᠯ᠎ᠠ᠂ ᠪᠥᠬᠦ ᠬᠤᠲᠠ ᠶᠢᠨ ᠠᠷᠠᠳ ᠤᠨ ᠵᠥᠪᠯᠡᠯ ᠤᠨ ᠰᠢᠰᠲ᠋ᠧᠮ ᠤᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠪᠠ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠭᠢ ᠮᠠᠨ ᠤ ᠰᠢᠶᠠᠨ ᠳᠤ ᠶᠠᠪᠤᠭᠳᠠᠪᠠ᠃ ᠬᠤᠳᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠰᠡᠴᠢᠨ ᠭᠤᠸ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠤᠷᠤᠭᠴᠢᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠪᠣᠳᠠᠲᠤ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠶ᠃ ᠪᠠᠶᠢᠳᠠᠯ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠤᠨᠤᠯ ᠤᠨ ᠮᠡᠳᠡᠯᠭᠡ ᠶᠢ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠨ᠂ ᠡᠭᠦᠳᠦᠨ ᠪᠠᠶᠢᠭᠤᠯᠬᠤ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠲᠤᠰᠬᠠᠶ ᠮᠡᠷᠭᠡᠵᠢᠯ ᠤᠨ ᠯᠧᠺᠲ᠋ᠣᠷ ᠢ ᠤᠷᠢᠵᠤ ᠲᠥᠪᠯᠡᠷᠡᠭᠦᠯᠦᠨ ᠬᠢᠴᠢᠶᠡᠯᠯᠡᠭᠦᠯᠬᠦ ᠠᠷᠭ᠎ᠠ ᠮᠠᠶ᠋ᠢᠭ ᠢᠶᠠᠷ ᠪᠣᠯᠪᠠᠰᠤᠷᠠᠭᠤᠯᠤᠯ ᠬᠢᠵᠦ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠨᠡᠶᠢᠲᠡ 40 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3