ᠮᠠᠨ ᠤ ᠰᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠶᠠᠷᠢᠯᠴᠠᠬᠤ ᠬᠤᠷᠠᠯ ᠬᠢᠭᠡᠳ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠭᠡᠷ︾ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2023/8/4
     8 ᠰᠠᠷ᠎ᠠ ᠶᠢᠨ 2 ᠤᠨ ᠡᠳᠦᠷ᠂ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠡᠭᠡᠵᠢᠩ ᠤᠨ ᠱᠢ ᠵᠢᠢ ᠬᠤᠸᠠ ᠰᠢᠶᠠ ᠠᠳᠠᠯ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠰᠢᠩ ᠡᡁᠧ ᠰᠢᠶᠠᠨ ᠤ ᠬᠤᠪᠢᠶᠠᠷᠢ ᠺᠣᠮᠫᠠᠨᠢ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠶᠠᠷᠢᠯᠴᠠᠬᠤ ᠬᠤᠷᠠᠯ ᠵᠢᠴᠢ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠭᠡᠷ︾ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃      ᠬᠤᠷᠠᠯ ᠳᠡᠭᠡᠷ᠎ᠡ᠂ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠪᠤᠵᠠᠭᠠᠶᠢᠷᠠᠯ ᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠥᠯᠥᠭᠡᠯᠡᠭᠴᠢ ᠬᠥᠮᠦᠰ ᠤᠨ ᠲᠤᠰᠬᠠᠯ ᠴᠢᠩᠭ᠎ᠠ ᠪᠠᠶᠢᠵᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠪᠣᠯᠤᠭᠰᠠᠨ ᠤ ᠬᠤᠪᠢ ᠳᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠬᠦᠳᠦᠯᠦᠨ ᠳᠠᠭᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠵᠣᠷᠢᠭᠲᠠᠢ ᠪᠠᠷ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠮ ᠨᠡᠭᠡᠭᠡᠭᠴᠢ ᠪᠠ ᠬᠦᠳᠦᠯᠦᠨ ᠲᠠᠭᠠᠭᠤᠯᠤᠭᠴᠢ ᠪᠣᠯᠤᠨ᠎ᠠ ᠭᠡᠵᠦ ᠢᠯᠡᠳᠬᠡᠵᠡᠭᠡᠪᠡ᠃      ᠳᠠᠷᠠᠭ᠎ᠠ ᠨᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠯᠢ ᠷᠦᠩ ᠪᠣᠯᠤᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠯᠢ ᠶᠦᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠭᠡᠷ︾ ᠤᠨ ᠫᠠᠶᠢᠰᠠ ᠶᠢ ᠰᠡᠬᠦᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠶᠠᠩ ᠯᠢ ᠷᠦᠩ ᠴᠢᠬᠤᠯᠠᠴᠢᠯᠠᠭᠠᠨ ᠨᠢ  ᠂ ᠨᠢᠭᠡ ᠳᠤ᠂ ᠨᠢᠭᠡᠳᠦᠮᠡᠯ ᠹᠷᠣᠨᠲ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠯᠦᠭᠡ ᠶᠢᠨ ᠤᠯᠤᠯᠴᠠᠭ᠎ᠠ ᠵᠥᠪᠳᠡᠯᠴᠡᠭᠡ ᠪᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠰᠠᠨᠠᠯ ᠰᠠᠨᠠᠭᠤᠯᠭ᠎ᠠ ᠶᠢ ᠰᠣᠨᠣᠰᠬᠤ ᠬᠡᠷᠡᠭᠲᠡᠢ᠃ ᠬᠤᠶᠠᠷ ᠲᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠤᠨ ᠬᠡᠷ ᠪᠦᠯᠢ︾ ᠶᠢᠨ ᠲᠠᠪᠴᠠᠩ ᠤᠨ ᠠᠴᠢᠶᠠᠯᠠᠪᠤᠷᠢ᠂ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ᠂ ᠨᠡᠪᠲᠡᠷᠡᠯᠴᠡᠨ ᠵᠣᠬᠢᠴᠠᠭᠤᠯᠬᠤ ᠪᠠ ︽ᠲᠥᠷᠬᠦᠮ ᠤᠨ ᠬᠡᠷ ᠪᠦᠯᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠲᠤ ᠦᠢᠯᠡᠴᠢᠯᠡᠬᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠷᠢ ᠲᠦᠪᠰᠢᠨ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠰᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠰᠠᠶᠢᠲᠤᠷ ᠬᠢᠵᠦ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠨᠡᠶᠢᠲᠡᠯᠢᠭ  ᠵᠢᠱᠢᠶ᠎ᠡ ᠶᠢ ᠰᠠᠶᠢᠲᠤᠷ ᠤᠬᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠰᠠᠨᠠᠯ ᠰᠠᠨᠠᠭᠤᠯᠭ᠎ᠠ ᠶᠢ ᠤᠤᠯ ᠶᠠᠩᠵᠤ ᠪᠠᠷ ᠨᠢ ᠴᠤᠭᠯᠠᠭᠤᠯᠵᠤ᠂ ᠡᠮᠬᠢᠳᠬᠡᠵᠦ᠂ ᠲᠤᠰᠬᠠᠵᠤ᠂ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠢᠯᠡᠭᠦᠬᠡᠨ ᠬᠢᠵᠦ᠂ ᠰᠡᠳᠬᠢᠯ ᠢ ᠳᠤᠯᠠᠭᠠᠴᠠᠭᠤᠯᠬᠤ ᠦᠭᠡ ᠶᠢ ᠢᠯᠡᠭᠦᠬᠡᠨ ᠶᠠᠷᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠳᠤ ᠶᠠᠷᠢᠶ᠎ᠠ ᠲᠠᠯᠪᠢᠬᠤ ᠬᠡᠷᠡᠭᠲᠡᠢ᠃      ᠮᠠᠨ ᠤ ᠰᠢᠶᠠᠨ ᠤ ᠰᠢᠨ᠎ᠡ ᠶᠢ ᠡᠭᠦᠳᠴᠦ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠭᠡᠷ ᠪᠦᠯᠢ ᠨᠢ ᠪᠦᠬᠦ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠲᠤ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ᠂ ᠬᠠᠮᠲᠤᠷᠠᠯᠴᠠᠭ᠎ᠠ ᠰᠣᠯᠢᠯᠴᠠᠭ᠎ᠠ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ᠂ ᠬᠠᠤᠯᠢ ᠴᠠᠭᠠᠵᠠ ᠶᠢᠨ ᠦᠢᠯᠡᠴᠢᠯᠡᠭᠡ᠂ ᠭᠤᠮᠣᠳᠠᠯ ᠱᠠᠭᠠᠷᠳᠠᠯᠭ᠎ᠠ ᠶᠢ ᠴᠤᠭᠯᠠᠭᠤᠯᠬᠤ᠂ ᠠᠵᠤ ᠠᠬᠤᠶᠢᠯᠠᠯ ᠢ ᠲᠠᠨᠢᠯᠴᠠᠭᠤᠯᠬᠤ ᠵᠡᠷᠭᠡ ᠨᠢᠭᠡ ᠦᠷᠳᠡᠭᠡᠯᠢᠭ ᠦᠢᠯᠡᠴᠢᠯᠡᠭᠡᠨ ᠤ ᠥᠨᠳᠥᠷ ᠪᠦᠲᠦᠮᠵᠢᠲᠡᠢ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠴᠢᠷᠮᠠᠶᠢᠵᠤ᠂ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ ᠳᠤᠮᠳᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠲᠤ ᠦᠢᠯᠡᠴᠢᠯᠡᠬᠦ ᠲᠦᠷᠦᠯ ᠲᠡᠮᠳᠡᠭ ᠢ ᠨᠡᠮᠡᠷᠢᠯᠡᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠡᠷ ᠪᠦᠯᠢ ᠤᠷᠤᠭᠰᠢᠲᠠᠢ ᠪᠠᠶᠢᠭᠤᠯᠤᠭᠳᠠᠭᠰᠠᠨ ᠨᠢ ᠮᠠᠨ ᠤ ᠰᠢᠶᠠᠨ ᠤ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠨᠡᠩ ᠰᠠᠶᠢᠨ ᠥᠪᠡᠷ ᠤᠨ ᠢᠶᠠᠨ ︽ᠭᠡᠷ︾ ᠲᠠᠢ ᠪᠣᠯᠤᠭᠰᠠᠨ ᠢ ᠬᠠᠷᠠᠭᠤᠯᠵᠤ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠲᠦᠷᠭᠡᠨ ᠵᠠᠮ ᠳᠤ ᠣᠷᠣᠭᠤᠯᠬᠤ ᠶᠢ ᠬᠦᠴᠦᠲᠡᠢ ᠠᠬᠢᠭᠤᠯᠬᠤ ᠪᠣᠯᠤᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3