ᠴᠧᠩ ᠭᠤᠸᠠᠨ ᠪᠠᠯᠭᠠᠰᠤ ᠠᠩᠬᠠᠳᠤᠭᠠᠷ ᠬᠤᠭᠤᠴᠠᠭᠠᠨ ᠤ ᠣᠯᠠᠨ ᠲᠦᠮᠡᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2023/8/4
     8 ᠰᠠᠷ᠎ᠠ ᠶᠢᠨ 2 ᠤᠨ ᠡᠳᠦᠷ᠂ ᠰᠢᠩ ᠡᡁᠧ ᠰᠢᠶᠠᠨ ᠤ ᠴᠧᠩ ᠭᠤᠸᠠᠨ ᠪᠠᠯᠭᠠᠰᠤ ᠠᠩᠬᠠᠳᠤᠭᠠᠷ ᠬᠤᠭᠤᠴᠠᠭᠠᠨ ᠤ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠪᠡ᠃
     ᠲᠣᠭᠯᠠᠯᠲᠠ ᠨᠢ ︽ᠭᠠᠯ ᠪᠠᠳᠠᠷᠠᠭᠰᠠᠨ ᠳᠤᠮᠳᠠᠳᠤ ᠤᠯᠤᠰ ᠤᠨ ᠭᠠᠯ ᠪᠠᠳᠠᠷᠠᠭᠰᠠᠨ ᠴᠠᠭ ᠦᠶ᠎ᠡ︾ ᠭᠡᠬᠦ ᠪᠥᠵᠢᠭ ᠤᠨ ᠲᠣᠭᠯᠠᠯᠲᠠ ᠳᠤ ᠬᠥᠰᠢᠭᠡ ᠪᠠᠨ ᠰᠡᠬᠦᠵᠦ᠂ ︽ᠡᠬᠡ ᠤᠯᠤᠰ ᠢᠶᠠᠨ ᠬᠠᠶᠢᠷᠠᠯᠠᠬᠤ ᠬᠥᠬᠡ ᠣᠭᠲᠠᠷᠭᠤᠶ︾᠂ ︽ᠡᠬᠡ ᠤᠯᠤᠰ ᠢᠶᠠᠨ ᠳᠠᠭᠤᠯᠠᠶ᠎ᠠ︾᠂ ᠴᠠᠷᠭᠢᠯ ᠬᠤᠯᠪᠣᠭ᠎ᠠ ︽ᠨᠡᠶᠢᠭᠡᠮ ᠲᠣᠭᠤᠷᠢᠭ ᠤᠨ ᠬᠥᠮᠦᠰ ᠴᠦ ᠥᠪᠡᠷ ᠤᠨ ᠬᠦᠰᠡᠯ ᠵᠡᠭᠦᠳᠦ ᠲᠠᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠤᠭᠤᠳ ᠢ ᠵᠠᠯᠭᠠᠭ᠎ᠠ ᠪᠠᠷ ᠲᠣᠭᠯᠠᠪᠠ᠃      ᠡᠨᠡ ᠤᠳᠠᠭ᠎ᠠ ᠳᠤ ᠨᠡᠶᠢᠲᠡ 29 ᠠᠩᠭᠢ᠂ 680 ᠭᠠᠷᠤᠶ ᠬᠥᠮᠦᠨ ᠬᠠᠮᠲᠤᠷᠠᠭᠰᠠᠨ ᠲᠣᠭᠯᠠᠯᠲᠠ ᠳᠤ ᠣᠷᠣᠯᠴᠠᠵᠠᠶ᠃ ᠰᠢᠯᠭᠠᠷᠠᠭᠤᠯᠬᠤ ᠺᠣᠮᠢᠰ ᠤᠨ ᠬᠤᠪᠢ ᠥᠭᠬᠦ ᠪᠠᠷ ᠳᠡᠮᠵᠢᠨ᠂ ᠵᠣᠬᠢᠶᠠᠨ ᠪᠠᠶᠢᠭᠤᠯᠤᠯᠲᠠ ᠶᠢᠨ ᠱᠠᠩᠨᠠᠯ 13 ᠨᠡᠷᠡᠰ᠂ ᠰᠢᠯᠢᠳᠡᠭ ᠱᠠᠩᠨᠠᠯ 10 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠨᠢᠭᠡᠳᠦᠭᠡᠷ ᠳᠡᠰ ᠤᠨ ᠱᠠᠩᠨᠠᠯ 1 ᠨᠡᠷᠡᠰ ᠰᠢᠯᠭᠠᠷᠠᠭᠤᠯᠪᠠ᠃      ᠲᠣᠰ ᠤᠳᠠᠭᠠᠨ ᠤ ᠬᠠᠮᠲᠤᠷᠠᠭᠰᠠᠨ ᠲᠣᠭᠯᠠᠯᠲᠠ ᠪᠣᠯ ᠮᠠᠨ ᠤ ᠰᠢᠶᠠᠨ ᠤ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤᠮᠳᠠᠬᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠠᠮᠢᠳᠤᠯᠢᠭ ᠦᠢᠯᠡᠳᠦᠯᠭᠡ ᠮᠥᠨ ᠪᠥᠭᠡᠳ ᠮᠠᠨ ᠤ ᠰᠢᠶᠠᠨ ᠤ ᠠᠷᠠᠳ ᠲᠦᠮᠡᠨ ᠤ ᠨᠠᠮ ᠤᠨ ᠤᠳᠤᠷᠢᠳᠤᠯᠭ᠎ᠠ ᠳᠣᠤᠷ᠎ᠠ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠨᠠᠮ ᠪᠠ ᠡᠬᠡ ᠣᠷᠣᠨ ᠳᠠᠭᠠᠨ ᠰᠠᠶᠢᠨ ᠰᠠᠶᠢᠬᠠᠨ ᠢᠷᠥᠭᠡᠯ ᠵᠥᠩᠨᠡᠯ ᠢᠶᠠᠨ ᠢᠯᠡᠳᠬᠡᠭᠰᠡᠨ ᠪᠠᠶᠢᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3