ᠰᠢᠩ ᠾᠧ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/7
    8 ᠰᠠᠷ᠎ᠠ ᠶᠢᠨ 4᠎ ᠤ ᠡᠳᠦᠷ᠂ ᠰᠢᠩ ᠡᡁᠧ ᠰᠢᠶᠠᠨ ᠤ ᠨᠠᠮ ‍ᠤᠨ‌ᠬᠤᠷᠢᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠨᠡᠷ ︽ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠭᠤᠷᠪᠠᠨ ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠠ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠪᠠ᠃ ᠪᠦᠬᠦ᠋ᠢᠯᠡ ᠲᠠᠯᠠᠪᠤᠷ ᠤᠨ ᠲᠠᠶᠢᠯᠤᠮᠵᠢ ᠶᠢᠨ ᠳᠡᠰ ᠳᠠᠪᠬᠤᠷᠭ᠎ᠠ ᠨᠢ ᠲᠣᠳᠣᠷᠬᠠᠶ᠂ ᠡᠮᠬᠢ ᠵᠢᠷᠤᠮ ᠨᠢ ᠲᠣᠳᠣᠷᠬᠠᠶ᠂ ᠠᠭᠤᠯᠭ᠎ᠠ ᠨᠢ ᠨᠠᠷᠢᠨ ᠪᠣᠳᠠᠲᠠᠶ᠂ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠷᠭᠤᠭᠤᠯᠵᠤ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ︔ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠩᠷᠢ ᠨᠢ ᠴᠡᠯᠮᠡᠭ ᠭᠠᠵᠠᠷ ᠨᠢ ᠴᠡᠯᠮᠡᠭ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠬᠥᠭᠵᠢᠯ ᠮᠠᠨᠳᠤᠯ ᠢ ᠲᠦᠷᠭᠡᠨ ᠪᠠᠶᠢᠭᠤᠯᠬᠤ ᠬᠡᠷᠡᠭᠲᠡᠢ︔ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠡᠯ᠎ᠡ ᠲᠦᠷᠦᠯ ᠤᠨ ᠦᠷ᠎ᠡ ᠪᠦᠲᠦᠭᠡᠯ ᠲᠤᠷᠰᠢᠯᠭ᠎ᠠ ᠶᠢ ᠭᠦᠨᠵᠡᠭᠡᠢ ᠠᠭᠤᠳᠠᠯᠤᠨ ᠳ᠋ᠦᠩᠨᠡᠵᠦ᠂ ᠳᠡᠯᠭᠡᠷᠡᠭᠦᠯᠦᠨ ᠬᠡᠷᠡᠭᠯᠡᠵᠦ᠂ ᠡᠯ᠎ᠡ ᠬᠦᠷᠢᠶᠡᠨ ᠤ ᠠᠵᠢᠯ ᠤᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠲᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠲᠡᠭᠡᠨ ᠤᠳᠤᠷᠢᠳᠴᠤ᠂ ᠰᠢᠭᠦᠬᠦ ᠬᠤᠷᠢᠶ᠎ᠡ᠂ ᠪᠠᠶᠢᠴᠠᠭᠠᠬᠤ ᠬᠤᠷᠢᠶ᠎ᠡ ᠶᠢᠨ ᠬᠤᠶᠠᠷ ᠳᠠᠷᠤᠭ᠎ᠠ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3