ᠠᠵᠢᠯ ᠠᠴᠠ ᠪᠠᠭᠤᠭᠰᠠᠳ ᠤᠨ ᠲᠥᠷᠥ ᠶᠢᠨ  ᠪᠤᠳᠤᠯᠤᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/7
   ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ  ᠰᠦᠢᠳᠭᠡᠯ ᠲᠤᠰᠢᠶᠠᠬᠤ ᠵᠢᠯ ᠬᠤᠭᠤᠴᠠᠭ᠎ᠠ ᠶᠢ ᠬᠡᠷᠬᠢᠨ ᠮᠡᠳᠡᠬᠦ  ᠪᠣᠢ︖    1. 2004 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠠᠳᠬᠠᠯ ᠳᠤ ᠣᠷᠣᠯᠴᠠᠭᠰᠠᠨ ᠬᠥᠮᠦᠰ ᠤᠨ ᠵᠠᠯᠭᠠᠭ᠎ᠠ ᠪᠠᠷ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠠᠷᠪᠠᠨ ᠬᠤᠶᠠᠷ ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠨᠡᠶᠢᠳᠡ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠠᠷᠪᠠᠨ ᠲᠠᠪᠤᠨ ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔    2. 2005 ᠣᠨ ᠤ 1 ᠰᠠᠷ᠎ᠠ ᠶᠢᠨ 1 ᠤ ᠡᠳᠦᠷ ᠠᠴᠠ 2009 ᠣᠨ ᠤ 11 ᠰᠠᠷ᠎ᠠ ᠶᠢᠨ 30 ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠭᠰᠠᠨ ᠬᠥᠮᠦᠰ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠡᠶᠢᠳᠡ ᠠᠷᠪᠠᠨ ᠲᠠᠪᠤᠨ ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ︔    3. 2009 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠳᠠᠭᠠᠳᠬᠠᠯ ᠳᠤ ᠣᠷᠣᠯᠴᠠᠭᠰᠠᠳ ᠤᠨ ᠨᠡᠶᠢᠲᠡ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠶᠢ ᠬᠤᠷᠢᠨ ᠵᠢᠯ ᠠᠴᠠ ᠳᠤᠲᠠᠭᠤ ᠪᠠᠶᠢᠯᠭᠠᠬᠤ ᠥᠬᠡᠶ︔    4. 2016 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠳᠠᠭᠠᠳᠬᠠᠯ ᠳᠤ ᠣᠷᠣᠯᠴᠠᠭᠰᠠᠳ ᠤᠨ ᠨᠡᠶᠢᠲᠡ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠶᠢ ᠬᠤᠷᠢᠨ ᠲᠠᠪᠤᠨ ᠵᠢᠯ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃    ᠨᠠᠰᠤᠨ ᠤ ᠠᠮᠠᠷᠠᠯᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠨᠢ ᠬᠦᠷᠪᠡᠯ ᠶᠠᠭᠠᠬᠢᠬᠤ ᠪᠤᠢ︖    ᠬᠠᠷᠢᠭᠤᠯᠲᠠ᠄ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤᠨ ᠳᠤ ᠬᠦᠷᠪᠡᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠤᠭ ᠳᠣᠣᠷ᠎ᠠ ᠵᠢᠯ ᠬᠤᠭᠤᠴᠠᠭ᠎ᠠ ᠶᠢ ᠭᠦᠢᠴᠡᠳ ᠲᠤᠰᠢᠶᠠᠭᠰᠠᠨ ᠦᠭᠡᠶ ᠪᠠᠶᠢᠪᠠᠯ ᠦᠯᠡᠳᠡᠭᠰᠡᠨ ᠵᠢᠯ ᠬᠤᠭᠤᠴᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠨᠢᠭᠡ ᠯᠡ ᠤᠳᠠᠭ᠎ᠠ ᠳᠤ ᠭᠦᠢᠴᠡᠳ ᠲᠤᠰᠢᠶᠠᠵᠤ᠂ ᠭᠦᠢᠴᠡᠳ ᠲᠤᠰᠢᠶᠠᠭᠰᠠᠨ ᠤ ᠳᠠᠷᠠᠭ᠎ᠠ ᠳᠠᠩᠰᠠᠨ ᠳᠤ ᠣᠷᠣᠭᠤᠯᠪᠠᠯ ᠳᠠᠷᠤᠶ ᠠᠵᠢᠯ ᠠᠴᠠ ᠪᠠᠭᠤᠵᠤ ᠠᠮᠠᠷᠠᠬᠤ ᠭᠠᠷ ᠭᠦᠢᠴᠡᠳᠬᠡᠯ ᠢ ᠬᠢᠵᠦ ᠪᠣᠯᠤᠨ᠎ᠠ᠃    ᠡᠮ ᠡᠮᠨᠡᠯᠭᠡ ᠶᠢᠨ ᠳᠠᠭᠠᠳᠬᠠᠯ ᠤᠨ ᠠᠵᠢᠯ ᠠᠴᠠ ᠪᠠᠨ ᠪᠠᠭᠤᠵᠤ ᠠᠮᠠᠷᠠᠬᠤ ᠲᠤᠬᠠᠶᠢᠯᠠᠭᠰᠠᠨ ᠠᠵᠢᠯ ᠢ ᠬᠡᠷᠬᠢᠨ ᠭᠦᠢᠴᠡᠳᠭᠡᠬᠦ  ᠪᠤᠢ︖    ᠬᠠᠷᠢᠭᠤᠯᠲᠠ᠄  ᠵᠠᠰᠠᠭ ᠵᠠᠬᠢᠷᠭᠠᠨ ᠤ ᠠᠵᠢᠯ  ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠪᠠᠶᠢᠭ᠎ᠠ ᠠᠵᠢᠯᠲᠠᠨ ᠤ ᠡᠮᠴᠢᠯᠡᠭᠡᠨ ᠤ ᠠᠵᠢᠯ ᠤᠨ ᠪᠠᠶᠢᠷᠢ ᠠᠴᠠ ᠪᠠᠨ ᠰᠢᠯᠵᠢᠵᠦ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠡᠮᠴᠢᠯᠡᠭᠡᠨ ᠤ ᠠᠵᠢᠯ ᠡᠷᠭᠢᠯᠡᠬᠦ ᠲᠢᠩᠬᠢᠮ ᠳᠤ ᠭᠦᠢᠴᠡᠳᠭᠡᠨ᠎ᠡ᠃ ᠠᠵᠤ ᠠᠬᠤᠶᠢᠯᠠᠯ ᠪᠣᠯᠤᠨ ᠠᠮᠢᠳᠤᠯᠢᠭ ᠢᠶᠠᠷ ᠠᠵᠢᠯ ᠣᠯᠤᠭᠰᠠᠳ ᠤᠨ ᠡᠮᠴᠢᠯᠡᠭᠡᠨ ᠤ ᠠᠵᠢᠯ ᠤᠨ ᠪᠠᠶᠢᠷᠢ ᠠᠴᠠ ᠪᠠᠨ ᠰᠢᠯᠵᠢᠵᠦ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠨ ᠳᠤ  ᠭᠦᠢᠴᠡᠳᠭᠡᠨ᠎ᠡ᠃                              ᠢᠷᠡᠯᠲᠡ᠄ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                            ᠤᠷᠴᠢᠭᠤᠯᠤᠭᠴᠢ᠄ ᠮᠥᠩᠭᠦᠨᠰᠤᠶᠢᠬᠡ                            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3