ᠮᠠᠨ ᠤ ᠰᠢᠶᠠᠨ 2023 ᠣᠨ ᠤ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠲᠤᠪᠴᠢᠶ᠎ᠡ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/9
      ᠪᠥᠬᠦ ᠰᠢᠶᠠᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 4 ᠤ ᠡᠳᠦᠷ᠂ ᠮᠠᠨ ᠤ ᠰᠢᠶᠠᠨ 2023 ᠣᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠤ ᠷᠦᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠬᠤᠷᠠᠯ ᠠᠴᠠ ᠪᠦᠬᠦ ᠰᠢᠶᠠᠨ ᠤ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠮᠡᠳᠡᠭᠳᠡᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠭᠰᠠᠨ ᠤ ᠬᠠᠮᠲᠤ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠡ ᠨᠦᠭᠦᠳ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯᠳᠠᠯᠭ᠎ᠠ ᠶᠢ ᠲᠣᠳᠣᠷᠬᠠᠶᠢᠯᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ ᠪᠥᠬᠦᠶ ᠲᠦᠷᠢᠮ ᠪᠠ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠡᠯ᠎ᠡ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠬᠠᠮᠲᠤᠪᠠᠷ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠰᠢᠮᠳᠠᠭᠤᠯᠤᠨ ᠵᠢᠯᠣᠭᠤᠳᠴᠤ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃                                    ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3