ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ | ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠭᠰᠠᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ | ᠠᠪᠤᠷᠠᠬᠤ᠂ ᠣᠯᠠᠨ ᠲᠦᠮᠡᠨ ᠤ ᠠᠮᠢᠳᠤᠷᠠᠯ ᠢ ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ | ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠶᠠᠷᠢᠯᠴᠠᠨ ᠰᠤᠳᠤᠯᠪᠠ | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 8 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 8 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠠᠶᠤᠯ | ᠭᠠᠮᠰᠢᠭ ᠠᠴᠠ ᠠᠪᠤᠷᠠᠬᠤ᠂ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ | ᠪᠠᠶᠢᠭᠤᠯᠬᠤ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠶᠠᠷᠢᠯᠴᠠᠨ ᠰᠤᠳᠤᠯᠪᠠ᠃ | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠲᠠᠶᠢᠹᠧᠩ ᠰᠠᠯᠬᠢ ᠪᠠ ᠰᠢᠷᠦᠭᠦᠨ ᠪᠣᠷᠣᠭᠠᠨ ᠤ ᠨᠥᠯᠥᠭᠡ ᠪᠠᠷ᠂ | ᠬᠡᠰᠡᠭ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ ᠨᠠᠮ ᠤᠨ ᠲᠥᠪ | ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠡᠯ᠎ᠡ ᠭᠠᠵᠠᠷ ᠤᠨ | ᠭᠠᠮᠰᠢᠭᠳᠠᠭᠰᠠᠨ ᠣᠯᠠᠨ ᠲᠦᠮᠡᠨ ᠢ ᠢᠮᠠᠭᠲᠠ ᠰᠠᠨᠠᠭᠠᠯᠵᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠵᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠢᠯᠤᠭᠤᠳᠴᠤ᠂ ᠠᠶᠤᠯ ᠭᠠᠮᠰᠢᠭ ᠠᠴᠠ ᠠᠪᠤᠷᠠᠬᠤ᠂ ᠵᠠᠪᠳᠤᠨ ᠵᠠᠰᠠᠵᠤ | ᠰᠡᠷᠭᠦᠭᠡᠬᠦ᠂ ᠢᠯᠠᠩᠭᠤᠶ᠎ᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ | ᠬᠢᠬᠦ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ | ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠣᠳᠣᠬᠠᠨ ᠳᠤ ᠦᠶᠡᠷ ᠤᠨ ᠬᠤᠭᠤᠴᠠᠭ᠎ᠠ ᠮᠥᠨᠴᠦ | ᠥᠩᠭᠡᠷᠡᠭᠡᠳᠦᠢ ᠪᠠᠶᠢᠭᠰᠠᠭᠠᠷ᠂ ᠰᠡᠭᠦᠯᠴᠢ ᠶᠢᠨ ᠬᠤᠭᠤᠴᠠᠭᠠᠨ ᠳᠤ ᠲᠠᠶᠢᠹᠧᠩ ᠰᠠᠯᠬᠢ ᠬᠠᠭᠤᠷᠠᠢ ᠪᠠᠷ ᠳᠠᠭᠠᠷᠢᠨ ᠭᠠᠷᠴᠤ᠂ | ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠪᠣᠯᠣᠯᠴᠠᠭ᠎ᠠ ᠪᠠᠰᠠ ᠪᠠᠶᠢᠵᠤ᠂ ᠭᠠᠮᠰᠢᠭ ᠠᠴᠠ ᠠᠪᠤᠷᠠᠬᠤ ᠪᠠ | ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠡᠭᠦᠷᠭᠡ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠ ᠠᠶᠤᠯ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠰᠠᠶᠢᠲᠤᠷ ᠬᠢᠵᠦ | ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠠᠴᠠ | ᠠᠪᠤᠷᠠᠬᠤ ᠳᠤ ᠰᠠᠭᠤᠷᠢᠯᠠᠵᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ | ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠭᠦᠰᠦᠮᠡᠯ ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠬᠠᠷᠢᠯᠴᠠᠭ᠎ᠠ ᠲᠠᠰᠤᠷᠠᠭᠰᠠᠨ ᠬᠥᠮᠥᠰ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠥᠮᠥᠨ ᠬᠠᠷ᠎ᠠ | ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠲᠡᠳᠡᠨ ᠳᠤ ᠢᠳᠡᠬᠦ | ᠬᠤᠭᠤᠯᠠ ᠲᠠᠢ᠂ ᠡᠮᠦᠰᠬᠦ ᠬᠤᠪᠴᠠᠰᠤ ᠲᠠᠢ᠂ ᠲᠦᠷ ᠴᠠᠭ ᠤᠨ ᠣᠷᠣᠨ ᠰᠠᠭᠤᠴᠠ ᠲᠠᠢ᠂ ᠤᠤᠭᠤᠬᠤ ᠴᠡᠪᠡᠷ ᠤᠰᠤ ᠲᠠᠢ᠂ | ᠡᠪᠡᠳᠴᠢᠯᠡᠪᠡᠯ ᠴᠠᠭ ᠲᠤᠬᠠᠢ ᠳᠤ ᠨᠢ ᠡᠮᠴᠢᠯᠡᠭᠦᠯᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠢ | ᠠᠷᠢᠭᠤᠳᠬᠠᠬᠤ ᠪᠠ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠶᠡᠭᠡ | ᠭᠠᠮᠰᠢᠭ ᠤᠨ ᠳᠠᠷᠠᠭ᠎ᠠ ᠶᠡᠭᠡ ᠬᠢᠵᠢᠭ ᠦᠯᠦ ᠳᠡᠯᠭᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠮ᠂ ᠴᠠᠬᠢᠯᠭᠠᠨ ᠬᠠᠩᠭᠠᠬᠤ | ᠂ ᠤᠰᠤ ᠬᠠᠩᠭᠠᠬᠤ ᠪᠠ ᠴᠢᠮᠡᠭᠡ ᠬᠤᠯᠪᠣᠭ᠎ᠠ ᠵᠡᠷᠭᠡ ᠪᠡᠯᠡᠳᠬᠡᠮᠵᠢ ᠶᠢ ᠲᠦᠷᠭᠡᠪᠴᠢᠯᠡᠨ ᠵᠠᠰᠠᠨ ᠰᠡᠷᠭᠦᠭᠡᠵᠦ᠂ ᠤᠯᠠᠨ | ᠲᠦᠮᠡᠨ ᠢ ᠥᠷᠭᠡᠨ ᠢᠶᠠᠷ ᠲᠠᠶᠢᠴᠢᠯᠠᠨ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠦᠢᠯᠡᠳᠪᠦᠷᠢᠯᠡᠯ ᠢᠶᠠᠷ | ᠥᠪᠡᠷ ᠢ ᠪᠠᠨ ᠲᠡᠩᠬᠡᠷᠡᠭᠦᠯᠬᠦ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠡᠮᠬᠢ ᠵᠢᠷᠤᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠪᠠ | ᠲᠠᠷᠢᠶᠠᠯᠠᠩ ᠤᠨ ᠪᠡᠯᠡᠳᠬᠡᠮᠵᠢ ᠶᠢ ᠰᠢᠮᠳᠠᠭᠤᠯᠤᠨ ᠵᠠᠰᠠᠨ ᠰᠡᠷᠭᠦᠭᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ ᠵᠣᠬᠢᠶᠠᠨ ᠪᠠᠶᠢᠭᠤᠯᠵᠤ ᠪᠠᠶᠢᠭᠠᠳ | ᠢᠳᠡᠪᠬᠢᠲᠡᠢ ᠪᠠᠷ ᠨᠥᠬᠦᠵᠦ ᠳᠠᠷᠢᠭᠤᠯᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠰᠡᠷᠭᠦᠭᠡᠵᠦ ᠲᠠᠬᠢᠨ | ᠪᠠᠷᠢᠬᠤ ᠠᠵᠢᠯ ᠢ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ | ᠭᠡᠷ ᠲᠤ ᠪᠠᠨ ᠬᠠᠷᠢᠵᠤ ᠳᠡᠶᠢᠯᠬᠦ ᠪᠤᠶᠤ ᠰᠢᠨ᠎ᠡ ᠣᠷᠣᠨ ᠰᠠᠭᠤᠴᠠ ᠳᠤ ᠨᠡᠭᠦᠬᠦ᠂ ᠠᠮᠤᠷ ᠲᠦᠪᠰᠢᠨ ᠳᠤᠯᠠᠭᠠᠨ ᠪᠦᠯᠢᠶᠡᠨ | ᠡᠪᠦᠯᠵᠢᠬᠦ ᠶᠢ ᠦᠨᠡᠨ ᠬᠦ ᠪᠠᠲᠤᠯᠠᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠬᠦᠷᠢᠶᠡᠯᠡᠩ ᠵᠡᠷᠭᠡ | ᠨᠡᠶᠢᠲᠡ ᠶᠢᠨ ᠪᠡᠯᠡᠳᠬᠡᠮᠵᠢ ᠶᠢ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠲᠦᠷᠭᠡᠪᠴᠢᠯᠡᠨ ᠠᠬᠢᠭᠤᠯᠵᠤ᠂ ᠭᠠᠮᠰᠢᠭᠳᠠᠭᠰᠠᠨ | ᠰᠤᠷᠤᠭᠴᠢ ᠨᠢᠭᠡ ᠪᠦᠷᠢ ᠴᠥᠮ ᠴᠠᠭ ᠲᠤ ᠪᠠᠨ ᠰᠤᠷᠭᠠᠭᠤᠯᠢ ᠡᠬᠢᠯᠡᠨ ᠰᠤᠷᠭᠠᠭᠤᠯᠢ ᠳᠤ ᠪᠠᠨ ᠪᠤᠴᠠᠬᠤ ᠶᠢ ᠪᠠᠲᠤᠯᠠᠬᠤ | ᠬᠡᠷᠡᠭᠲᠡᠢ᠃ ᠬᠤᠯᠠ ᠶᠢ ᠪᠣᠳᠣᠵᠤ᠂ ᠤᠮᠠᠷᠠᠲᠤ ᠣᠷᠣᠨ ᠤ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ | ᠲᠥᠯᠦᠪᠵᠢᠭᠦᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠪᠡᠯᠡ ᠮᠥᠩᠭᠦ ᠶᠢ ᠲᠦᠷᠭᠡᠨ ᠰᠠᠯᠭᠠᠨ ᠥᠭᠴᠦ᠂ | ᠤᠷᠢᠳᠴᠢᠯᠠᠨ ᠰᠠᠯᠭᠠᠨ ᠥᠭᠴᠦ ᠪᠣᠯᠬᠤ ᠶᠢ ᠨᠢ ᠤᠷᠢᠳᠴᠢᠯᠠᠨ ᠰᠠᠯᠭᠠᠨ ᠥᠭᠴᠦ᠂ ᠤᠷᠢᠳᠴᠢᠯᠠᠨ ᠨᠥᠬᠦᠪᠦᠷᠢ ᠥᠭᠴᠦ | ᠠᠪᠤᠷᠠᠨ ᠲᠤᠰᠠᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠭᠠᠮᠰᠢᠭᠳᠠᠭᠰᠠᠨ ᠭᠠᠵᠠᠷ ᠣᠷᠣᠨ ᠤ | ᠡᠵᠡᠩᠨᠡᠯᠲᠡ ᠶᠢᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭ᠎ᠠ ᠶᠢᠨ ᠡᠷᠥᠭᠡ ᠵᠢᠴᠢ ᠲᠠᠷᠢᠶᠠᠯᠠᠩ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠲᠠᠷᠢᠶᠠᠴᠢᠨ | ᠡᠷᠥᠭᠡ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠳᠠᠭᠠᠳᠬᠠᠯ ᠤᠨ ᠲᠥᠯᠥᠪᠦᠷᠢ ᠶᠢᠨ | ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠂ ᠲᠥᠯᠥᠵᠦ ᠳᠡᠶᠢᠯᠪᠡᠯ ᠲᠦᠷᠭᠡᠨ ᠲᠥᠯᠥᠵᠦ᠂ ᠲᠥᠯᠥᠬᠦ | ᠶᠣᠰᠣᠲᠠᠢ ᠶᠢ ᠨᠢ ᠪᠥᠬᠦᠨ ᠢ ᠲᠥᠯᠥᠵᠦ᠂ ᠦᠶᠡᠷ ᠤᠰᠤᠲᠤᠯ ᠤᠨ ᠭᠠᠮᠰᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠣᠨ ᠠᠷᠠᠳ ᠤᠨ ᠠᠮᠢᠳᠤᠷᠠᠯ ᠳᠤ ᠥᠭᠭᠦᠭᠰᠡᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ | ᠱᠠᠭᠠᠷᠳᠠᠪᠠ᠃ | |