8 ᠰᠠᠷ᠎ᠠ ᠶᠢᠨ 31 ᠤ ᠡᠳᠦᠷ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠡ ᠶᠢᠨ ᠨᠠᠮ ᠤᠨ ᠬᠤᠷᠢᠶ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠵᠦ᠂ ᠨᠠᠮ ᠤᠨ ᠬᠤᠷᠢᠶᠠᠨ ᠤ ᠳᠡᠳ᠋ ᠱᠦᠵᠢ ᠬᠤᠷᠠᠯ ᠢ | ᠡᠷᠬᠢᠯᠡᠭᠰᠡᠨ ᠪᠥᠭᠡᠳ ᠰᠤᠷᠤᠯᠴᠠᠬᠤ ᠠᠭᠤᠯᠭ᠎ᠠ ᠶᠢ ᠤᠯᠠᠮᠵᠢᠯᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ | ᠬᠤᠷᠠᠯ ᠳᠤ ᠣᠷᠣᠯᠴᠠᠭᠰᠠᠨ ᠨᠥᠬᠦᠳ ᠲᠤ ᠨᠠᠮ ᠤᠨ ᠬᠤᠷᠢᠶᠠᠨ ᠤ ᠡᠯ᠎ᠡ ᠭᠡᠰᠢᠭᠦᠨ᠂ ᠡᠯ᠎ᠡ ᠡᠭᠦᠷ ᠤᠨ ᠱᠦᠵᠢ ᠵᠢᠴᠢ | ᠨᠠᠮ ᠤᠨ ᠡᠭᠦᠷ ᠤᠨ ᠭᠡᠰᠢᠭᠦᠨ ᠨᠡᠶᠢᠳᠡ 26 ᠬᠥᠮᠦᠨ ᠪᠤᠢ᠃ | ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠨᠢᠭᠲᠠ ᠤᠶᠠᠯᠳᠤᠭᠤᠯᠤᠨ ᠠᠯᠢ | ᠣᠯᠠᠨ ᠴᠢᠬᠤᠯᠠ ᠥᠭᠦᠯᠡᠯᠲᠡ ᠳᠤᠷᠠᠳᠴᠤ᠂ ᠵᠢᠱᠢᠶᠡᠯᠡᠪᠡᠯ᠄ ᠭᠤᠷᠪᠠᠨ ︽ᠡᠷᠬᠡᠪᠰᠢ︾᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠤᠣᠯ ᠡᠭᠦᠷᠭᠡ᠂ ᠲᠠᠪᠤᠨ ᠴᠢᠬᠤᠯᠠ ᠶᠡᠭᠡ ᠵᠠᠷᠴᠢᠮ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ᠂ ᠠᠷᠠᠳ ᠤᠨ ᠠᠷᠠᠳᠴᠢᠯᠠᠯ | ᠪᠣᠯ ᠨᠡᠶᠢᠭᠡᠮ ᠵᠢᠷᠤᠮ ᠤᠨ ᠠᠮᠢ ᠨᠠᠰᠤ ᠮᠥᠨ᠂ ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠪᠣᠯ | ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ | ᠱᠠᠭᠠᠷᠳᠠᠯᠭ᠎ᠠ ᠮᠥᠨ᠂ ᠡᠷᠬᠡᠪᠰᠢ ᠲᠤᠮᠤ ᠨᠠᠮ ᠤᠨ ᠥᠪᠡᠷᠮᠢᠴᠡ ᠪᠡᠷᠬᠡ ᠰᠡᠳᠦᠪ ᠢ ᠰᠢᠢᠳᠪᠦᠷᠢᠯᠡᠬᠦ ᠳᠤ ᠰᠡᠷᠭᠡᠭ | ᠪᠥᠭᠡᠳ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠬᠤ ᠬᠡᠷᠡᠭᠲᠡᠶ ᠭᠡᠬᠦ ᠵᠡᠷᠭᠡ ᠶᠢ ᠵᠢᠭᠠᠵᠤ ᠪᠠᠶᠢᠨ᠎ᠠ᠃ | ᠡᠭᠦᠨ ᠤ ᠬᠠᠮᠲᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠬᠤᠷᠢᠳᠤᠭᠠᠷ ᠶᠡᠭᠡ | ᠬᠤᠷᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠲᠡᠷᠢᠭᠦᠨ ᠴᠢᠬᠤᠯᠠ ᠡᠭᠦᠷᠭᠡ ᠶᠢ ᠰᠤᠷᠤᠯᠴᠠᠵᠠᠢ︔ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠶᠠᠮᠠᠷ ᠶᠠᠮᠠᠷ ᠪᠣᠳᠠᠲᠠᠶ ᠡᠭᠦᠷᠭᠡ ᠪᠠᠶᠢᠬᠤ ᠶᠢ ᠲᠣᠳᠣᠷᠬᠠᠶ | ᠮᠡᠳᠡᠪᠡᠯ ᠰᠠᠶ᠋ᠢ ᠡᠯ᠎ᠡ ᠬᠦᠷᠢᠶ᠎ᠡ᠂ ᠡᠯ᠎ᠡ ᠲᠡᠰ ᠳᠠᠪᠬᠤᠷᠭ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠬᠠᠨᠳᠤᠯᠭᠠᠲᠤ ᠴᠢᠨᠠᠷᠲᠠᠶ ᠪᠠᠷ ᠪᠡᠶᠡᠯᠡᠭᠦᠯᠵᠦ ᠴᠢᠳᠠᠬᠤ ᠪᠥᠭᠡᠳ ᠠᠵᠢᠯ ᠤᠨ ᠦᠷ᠎ᠡ ᠪᠦᠲᠦᠮᠵᠢ ᠳᠤ ᠦᠨᠡᠯᠡᠯᠲᠡ ᠬᠢᠵᠦ | ᠴᠢᠳᠠᠨ᠎ᠠ᠃ | ᠬᠠᠮᠤᠭ ᠰᠡᠭᠦᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠡᠯ᠎ᠡ | ᠲᠠᠯ᠎ᠠ ᠶᠢᠨ ᠠᠵᠢᠯ ᠢ ᠶᠡᠷᠦᠩᠬᠡᠶᠢᠯᠡᠨ ᠡᠵᠡᠮᠳᠡᠬᠦ ᠶᠢ ᠡᠷᠡᠰ ᠪᠠᠷᠢᠮᠲᠠᠯᠠᠵᠤ᠂ ᠰᠤᠷᠤᠯᠴᠠᠨ ᠲᠤᠤᠱᠯᠠᠭᠤᠯᠤᠭᠰᠠᠨ ᠪᠣᠳᠠᠲᠤ | ᠦᠷ᠎ᠡ ᠪᠦᠲᠦᠮᠵᠢ ᠪᠠᠨ ᠦᠨᠡᠨᠬᠦ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠭᠦᠨᠵᠡᠭᠡᠢ ᠰᠤᠷᠤᠯᠴᠠᠬᠤ᠂ ᠭᠦᠨᠵᠡᠭᠡᠢ ᠣᠶᠢᠯᠠᠭᠠᠬᠤ ᠳᠡᠭᠡᠷ᠎ᠡ | ᠬᠦᠴᠦ ᠲᠠᠯᠪᠢᠵᠤ᠂ ᠪᠣᠳᠠᠲᠠᠢ ᠲᠠᠢ ᠤᠶᠠᠯᠳᠤᠭᠤᠯᠬᠤ᠂ ᠰᠣᠷᠣᠭᠰᠠᠨ ᠢᠶᠠᠨ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠨ᠂ ᠦᠷ᠎ᠡ | ᠪᠦᠲᠦᠮᠵᠢ ᠣᠯᠵᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ | ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |