ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ‌‍ᠲ᠋ᠤᠪᠴᠢᠶ᠎ᠡ ᠶᠢᠨ ᠨᠠᠮ ᠤᠨ ᠬᠤᠷᠢᠶ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠤᠷᠤᠯᠴᠠᠪᠠ
ᠨᠡᠶᠢᠲᠡᠯᠡᠭᠰᠡᠨ ᠴᠠᠭ᠄
2023/9/1
      8 ᠰᠠᠷ᠎ᠠ ᠶᠢᠨ 31 ᠤ ᠡᠳᠦᠷ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ ᠨᠠᠮ ᠤᠨ ᠬᠤᠷᠢᠶ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠵᠦ᠂ ᠨᠠᠮ ᠤᠨ ᠬᠤᠷᠢᠶᠠᠨ ᠤ ᠳᠡᠳ᠋ ᠱᠦᠵᠢ ᠬᠤᠷᠠᠯ ᠢ ᠡᠷᠬᠢᠯᠡᠭᠰᠡᠨ ᠪᠥᠭᠡᠳ ᠰᠤᠷᠤᠯᠴᠠᠬᠤ ᠠᠭᠤᠯᠭ᠎ᠠ ᠶᠢ ᠤᠯᠠᠮᠵᠢᠯᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠭᠰᠠᠨ ᠨᠥᠬᠦᠳ ᠲᠤ ᠨᠠᠮ ᠤᠨ ᠬᠤᠷᠢᠶᠠᠨ ᠤ ᠡᠯ᠎ᠡ ᠭᠡᠰᠢᠭᠦᠨ᠂ ᠡᠯ᠎ᠡ ᠡᠭᠦᠷ ᠤᠨ ᠱᠦᠵᠢ ᠵᠢᠴᠢ ᠨᠠᠮ ᠤᠨ ᠡᠭᠦᠷ ᠤᠨ ᠭᠡᠰᠢᠭᠦᠨ ᠨᠡᠶᠢᠳᠡ 26 ᠬᠥᠮᠦᠨ ᠪᠤᠢ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠨᠢᠭᠲᠠ ᠤᠶᠠᠯᠳᠤᠭᠤᠯᠤᠨ ᠠᠯᠢ ᠣᠯᠠᠨ ᠴᠢᠬᠤᠯᠠ ᠥᠭᠦᠯᠡᠯᠲᠡ ᠳᠤᠷᠠᠳᠴᠤ᠂ ᠵᠢᠱᠢᠶᠡᠯᠡᠪᠡᠯ᠄ ᠭᠤᠷᠪᠠᠨ ︽ᠡᠷᠬᠡᠪᠰᠢ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ᠂ ᠲᠠᠪᠤᠨ ᠴᠢᠬᠤᠯᠠ ᠶᠡᠭᠡ ᠵᠠᠷᠴᠢᠮ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ᠂ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ ᠨᠠᠰᠤ ᠮᠥᠨ᠂ ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠡᠷᠬᠡᠪᠰᠢ ᠲᠤᠮᠤ ᠨᠠᠮ ᠤᠨ ᠥᠪᠡᠷᠮᠢᠴᠡ ᠪᠡᠷᠬᠡ ᠰᠡᠳᠦᠪ ᠢ ᠰᠢᠢᠳᠪᠦᠷᠢᠯᠡᠬᠦ ᠳᠤ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠬᠤ ᠬᠡᠷᠡᠭᠲᠡᠶ ᠭᠡᠬᠦ ᠵᠡᠷᠭᠡ ᠶᠢ ᠵᠢᠭᠠᠵᠤ ᠪᠠᠶᠢᠨ᠎ᠠ᠃      ᠡᠭᠦᠨ ᠤ ᠬᠠᠮᠲᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠡᠷᠢᠭᠦᠨ ᠴᠢᠬᠤᠯᠠ ᠡᠭᠦᠷᠭᠡ ᠶᠢ ᠰᠤᠷᠤᠯᠴᠠᠵᠠᠢ︔ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠶᠠᠮᠠᠷ ᠶᠠᠮᠠᠷ ᠪᠣᠳᠠᠲᠠᠶ ᠡᠭᠦᠷᠭᠡ ᠪᠠᠶᠢᠬᠤ ᠶᠢ ᠲᠣᠳᠣᠷᠬᠠᠶ ᠮᠡᠳᠡᠪᠡᠯ ᠰᠠᠶ᠋ᠢ ᠡᠯ᠎ᠡ ᠬᠦᠷᠢᠶ᠎ᠡ᠂ ᠡᠯ᠎ᠡ ᠲᠡᠰ ᠳᠠᠪᠬᠤᠷᠭ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠨᠳᠤᠯᠭᠠᠲᠤ ᠴᠢᠨᠠᠷᠲᠠᠶ ᠪᠠᠷ ᠪᠡᠶᠡᠯᠡᠭᠦᠯᠵᠦ ᠴᠢᠳᠠᠬᠤ ᠪᠥᠭᠡᠳ ᠠᠵᠢᠯ ᠤᠨ ᠦᠷ᠎ᠡ ᠪᠦᠲᠦᠮᠵᠢ ᠳᠤ ᠦᠨᠡᠯᠡᠯᠲᠡ ᠬᠢᠵᠦ ᠴᠢᠳᠠᠨ᠎ᠠ᠃      ᠬᠠᠮᠤᠭ ᠰᠡᠭᠦᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠡᠯ᠎ᠡ ᠲᠠᠯ᠎ᠠ ᠶᠢᠨ ᠠᠵᠢᠯ ᠢ ᠶᠡᠷᠦᠩᠬᠡᠶᠢᠯᠡᠨ ᠡᠵᠡᠮᠳᠡᠬᠦ ᠶᠢ ᠡᠷᠡᠰ ᠪᠠᠷᠢᠮᠲᠠᠯᠠᠵᠤ᠂ ᠰᠤᠷᠤᠯᠴᠠᠨ ᠲᠤᠤᠱᠯᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠨ ᠦᠨᠡᠨᠬᠦ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠭᠦᠨᠵᠡᠭᠡᠢ ᠰᠤᠷᠤᠯᠴᠠᠬᠤ᠂ ᠭᠦᠨᠵᠡᠭᠡᠢ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠪᠣᠳᠠᠲᠠᠢ ᠲᠠᠢ ᠤᠶᠠᠯᠳᠤᠭᠤᠯᠬᠤ᠂ ᠰᠣᠷᠣᠭᠰᠠᠨ ᠢᠶᠠᠨ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠣᠯᠵᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠶᠢᠨ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3