ᠰᠤᠷᠭᠠᠨ ᠬᠦᠮᠦᠵᠢᠯ ᠤᠨ ᠲᠠᠪᠴᠠᠩ ᠳᠤ ᠪᠡᠶ᠎ᠡ ᠪᠠᠷ ᠢᠶᠠᠨ ᠲᠠᠷᠢᠶᠠᠯᠠᠵᠤ᠂ ᠬᠦᠴᠦᠷᠬᠡᠭ ᠤᠯᠤᠰ ᠲᠤ ᠪᠢ ᠪᠤᠢ᠃ 9 | ᠰᠠᠷ᠎ᠠ ᠶᠢᠨ 8 ᠤ ᠡᠳᠦᠷ᠂ ᠮᠠᠨ ᠤ ᠰᠢᠶᠠᠨ 39 ᠳ᠋ᠦᠭᠡᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠡᠷᠭᠢᠯᠡᠪᠡ᠃ ᠰᠢᠶᠠᠨ ᠤ ᠨᠠᠮ ᠤᠨ | ᠬᠤᠷᠢᠶᠠᠨ ᠤ ᠱᠦᠵᠢ ᠸᠠᠩ ᠬᠤᠢ ᠢᠦᠢ ᠬᠦᠳᠡᠯᠭᠡᠭᠡᠨ ᠳᠤ ᠣᠷᠣᠯᠴᠠᠪᠠ᠃ | | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ 2023 ᠣᠨ ᠤ ︽ᠬᠡᠪ ᠴᠢᠨᠠᠷ ᠤᠨ ᠰᠤᠷᠭᠠᠨ ᠬᠥᠮᠦᠵᠢᠯ ᠢ ᠳᠥᠯᠭᠢᠨ | ᠠᠬᠢᠭᠤᠯᠤᠭᠰᠠᠨ ᠲᠡᠷᠢᠭᠦᠨ ᠤ ᠪᠠᠭᠰᠢ︾ 49 ᠬᠥᠮᠦᠨ᠂ ︽ᠳᠠᠷᠤᠭᠠᠰᠤ ᠶᠢ ᠬᠥᠩᠭᠡᠯᠡᠵᠦ ᠶᠠᠰᠤ ᠴᠢᠨᠠᠷ ᠢ | ᠳᠡᠭᠡᠭᠰᠢᠯᠡᠭᠦᠯᠦᠭᠰᠡᠨ ᠲᠡᠷᠢᠭᠦᠨ ᠤ ᠪᠠᠭᠰᠢ︾ 9 ᠬᠥᠮᠦᠨ ᠪᠠ ︽ᠬᠤᠶᠠᠷ ᠢ ᠬᠠᠰᠤᠭᠰᠠᠨ ᠨᠠᠷᠠᠲᠤ ᠪᠠᠭᠰᠢ︾ 13 ᠬᠥᠮᠦᠨ ᠢ | ᠤᠩᠰᠢᠨ ᠨᠡᠶᠢᠲᠡᠯᠡᠭᠰᠡᠨ ᠪᠥᠭᠡᠳ ᠬᠥᠬᠢᠭᠦᠯᠦᠨ ᠱᠠᠩᠨᠠᠵᠤ ᠱᠠᠩᠨᠠᠯ ᠭᠠᠷᠳᠠᠭᠤᠯᠪᠠ᠃ ᠳᠠᠷᠠᠭ᠎ᠠ ᠳᠤᠨᠢ᠂ ᠪᠦᠬᠦ ᠰᠢᠶᠠᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠢᠷᠡᠭᠡᠳᠦᠢ ᠪᠠᠨ ᠪᠠᠷᠠᠯᠠᠬᠤ︾ ᠪᠠᠷ ᠭᠤᠣᠯ ᠰᠡᠳᠦᠪ ᠪᠣᠯᠭᠠᠵᠤ᠂ ᠪᠥᠵᠢᠭ᠂ ᠰᠢᠯᠦᠭ ᠤᠶᠠᠩᠭ᠎ᠠ᠂ ᠴᠠᠷᠭᠢᠯ | ᠬᠤᠯᠪᠣᠭ᠎ᠠ᠂ ᠰᠤᠷᠭᠠᠭᠤᠯᠢ ᠶᠢᠨ ᠬᠦᠷᠢᠶᠡᠨ ᠤ ᠵᠦᠴᠦᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠷ ᠡᠭᠡᠯ ᠵᠢᠷ ᠤᠨ | ᠪᠥᠭᠡᠳ ᠠᠭᠤᠤ ᠶᠡᠭᠡ ᠪᠠᠭᠰᠢ ᠨᠢᠭᠡᠪᠦᠷᠢ ᠶᠢ ᠤᠯᠠᠨ ᠵᠦᠢᠯ ᠤᠨ ᠬᠡᠯᠪᠡᠷᠢ ᠪᠠᠷ ᠮᠠᠭᠲᠠᠨ ᠳᠠᠭᠤᠯᠠᠵᠤ᠂ ᠪᠦᠬᠦ ᠰᠢᠶᠠᠨ ᠳᠤ | ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | | | ᠤᠢᠢᠷ᠎ᠠ ᠶᠢᠨ ᠵᠢᠯ ᠠᠴᠠ᠂ ᠮᠠᠨ ᠤ ᠰᠢᠶᠠᠨ ᠢᠮᠠᠭᠲᠠ ᠰᠤᠷᠭᠠᠨ ᠬᠥᠮᠦᠵᠢᠯ ᠢ ᠲᠡᠷᠢᠭᠦᠨ ᠵᠡᠷᠭᠡ ᠶᠢᠨ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠣᠷᠣᠭᠤᠯᠤᠯᠲᠠ ᠪᠠᠨ ᠨᠡᠮᠡᠭᠳᠡᠭᠦᠯᠵᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠠᠭᠰᠢ ᠶᠢ ᠬᠦᠴᠦᠷᠬᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ︽ᠬᠤᠶᠠᠷ ᠢ ᠪᠠᠭᠠᠰᠬᠠᠬᠤ︾ | ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠶᠣᠰᠣ ᠰᠤᠷᠲᠠᠬᠤᠨ ᠢ ᠪᠤᠢ ᠪᠣᠯᠭᠠᠵᠤ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠠᠬᠢᠭᠤᠯᠵᠤ᠂ ᠴᠢᠨᠠᠷ ᠰᠠᠶᠢᠲᠠᠢ ᠲᠡᠩᠴᠡᠭᠦᠷᠢᠲᠡᠢ᠂ ᠠᠷᠠᠳ ᠲᠦᠮᠡᠨ ᠳᠤ | ᠲᠠᠭᠠᠰᠢᠶᠠᠭᠳᠠᠭᠰᠠᠨ ᠡᠩᠬᠡ ᠲᠠᠶᠢᠪᠤᠩ ᠢ ᠮᠠᠨᠳᠤᠭᠤᠯᠬᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠪᠠ᠃ | | | ᠰᠢᠶᠠᠨ ᠤ ᠤᠳᠤᠷᠢᠳᠤᠯᠭ᠎ᠠ ᠵᠢᠢ ᠰᠢᠶᠤᠤ ᠬᠤᠢ᠂ ᠵᠤᠤ ᠬᠤᠢ ᠵᠢᠤᠢ᠂ ᠯᠢ ᠵᠢᠶᠦ᠋ᠨ ᠬᠦᠳᠡᠯᠭᠡᠭᠡᠨ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |