ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠨᠤᠲᠤᠭ ᠤᠨ ᠠᠶᠠᠯᠠᠯ ᠤᠨ ᠰᠢᠨᠵᠢᠯᠡᠨ ᠪᠠᠶᠢᠴᠠᠭᠠᠬᠤ ᠪᠦᠯᠬᠦᠮ ᠰᠢᠩ ᠾᠧ ᠰᠢᠶᠠᠨ ᠳᠤ ᠬᠦᠷᠴᠦ ᠢᠷᠡᠪᠡ
ᠨᠡᠶᠢᠲᠡᠯᠡᠭᠰᠡᠨ ᠴᠠᠭ᠄
2023/9/11
      9 ᠰᠠᠷ᠎ᠠ ᠶᠢᠨ 7᠎ ᠤ ᠡᠳᠦᠷ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ  ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠪᠣᠯᠤᠨ ᠨᠡᠶᠢᠰᠯᠡᠯ ᠤᠨ ᠢᠨᠲ᠋ᠧᠷ ᠰᠦᠯᠵᠢᠶᠡᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ 2023 ᠪᠡᠭᠡᠵᠢᠩ ᠤᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠨᠤᠲᠤᠭ ᠢᠶᠠᠷ ᠶᠠᠪᠤᠵᠤ ᠰᠢᠩ ᠾᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠢ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
     ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠢᠩ ᠡᡁᠧ ᠰᠢᠶᠠᠨ ᠤ  ᠰᠤᠮᠤᠨ ᠠᠭᠤᠯᠠ ᠰᠢᠭᠤᠢ ᠶᠢᠨ ᠲᠠᠯᠠᠪᠠᠢ ᠳᠤ ᠬᠦᠷᠴᠦ᠂  ᠰᠤᠮᠤᠨ ᠠᠭᠤᠯᠠ ᠶᠢᠨ ᠦᠵᠡᠰᠬᠦᠯᠡᠩ ᠤᠨ ᠣᠷᠳᠣᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂  ᠰᠤᠮᠤᠨ ᠠᠭᠤᠯᠠ ᠶᠢᠨ ᠪᠦᠳᠦᠭᠡᠨ ᠪᠠᠶᠢᠭᠤᠯᠤᠯᠲᠠ ᠶᠢᠨ ᠥᠩᠭᠡᠷᠡᠯᠲᠡ ᠶᠢ ᠤᠢᠢᠯᠠᠭᠠᠭᠰᠠᠨ ᠪᠥᠭᠡᠳ ᠠᠭᠤᠯᠠ ᠠᠪᠠᠷᠢᠵᠤ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠰᠤᠮᠤᠨ ᠠᠭᠤᠯᠠ ᠶᠢᠨ ᠭᠤᠶᠤ ᠦᠵᠡᠮᠵᠢ ᠶᠢ ᠣᠶᠢᠯᠠᠭᠠᠪᠠ᠃ ᠳᠠᠷᠠᠭ᠎ᠠ ᠳᠤᠨᠢ ︽ᠬᠠᠮᠤᠭ ᠤᠨ ᠭᠤᠶᠤ ᠪᠠᠶᠢᠭᠠᠯᠢ ᠶᠢ ᠰᠠᠬᠢᠨ ᠬᠠᠮᠠᠭᠠᠯᠠᠭᠴᠢ︾᠂ ︽ᠤᠮᠠᠷᠠᠲᠤ ᠶᠢᠨ ᠦᠯᠢᠬᠡᠷ ᠳᠠᠭᠤᠷᠢᠶᠠᠯ︾ ᠳ᠋ᠦᠩ ᠬᠤᠩ ᠷᠦ᠋ ᠶᠢᠨ ᠭᠡᠷ ᠲᠤ ᠬᠦᠷᠴᠦ ᠡᠷᠬᠢᠨ ᠲᠣᠬᠤᠨᠢᠭᠤᠯᠵᠤ᠂ ᠮᠣᠳᠣ ᠲᠠᠷᠢᠵᠤ ᠣᠶᠢᠵᠢᠭᠤᠯᠬᠤ ᠠᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠲᠡᠦᠬᠡ ᠶᠢ ᠰᠣᠨᠣᠰᠴᠤ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢᠨ ᠰᠢᠷᠭᠠᠭᠤ ᠬᠠᠲᠠᠭᠤᠵᠢᠯᠲᠠᠢ ᠲᠡᠮᠡᠴᠡᠯ᠂ ᠥᠨᠢ ᠤᠳᠠᠭᠠᠨ ᠴᠢᠷᠮᠠᠶᠢᠯᠭ᠎ᠠ ᠭᠠᠷᠭᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠦᠭᠰᠡᠨ ᠪᠣᠳᠠᠲᠤ ᠠᠭᠤᠯᠭ᠎ᠠ ᠶᠢ ᠤᠢᠢᠯᠠᠭᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠭᠰᠠᠨ ᠵᠣᠴᠢᠳ ᠲᠤ ᠰᠢᠩ ᠡᡁᠧ ᠰᠢᠶᠠᠨ ᠤ ᠰᠣᠶᠣᠯ ᠢᠷᠭᠡᠨᠰᠢᠯ ᠤᠨ ᠲᠡᠦᠬᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠣᠯᠤᠨ ᠵᠠᠮ ᠬᠠᠷᠢᠯᠴᠠᠭ᠎ᠠ ᠵᠡᠷᠭᠡ ᠳᠠᠪᠠᠭᠤᠯᠢᠭ ᠢ ᠲᠠᠨᠢᠯᠴᠠᠭᠤᠯᠵᠤ᠂ ᠵᠤᠭᠠᠴᠠᠯ᠂ ᠣᠷᠴᠢᠨ ᠲᠣᠭᠤᠷᠢᠨ᠂ ᠠᠵᠤ ᠦᠢᠯᠡᠰ ᠪᠣᠯᠤᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠠᠨᠢᠯᠴᠠᠭᠤᠯᠪᠠ᠃      ᠲᠣᠰ ᠤᠳᠠᠭᠠᠨ ᠤ 2023 ᠪᠡᠭᠡᠵᠢᠩ ᠤᠨ ᠰᠦᠯᠵᠢᠶᠡᠨ ᠤ ᠠᠵᠤ ᠠᠬᠤᠶᠢᠯᠠᠯ ᠤᠨ ᠬᠤᠪᠢᠰᠬᠠᠯ ᠤᠨ ᠬᠠᠭᠤᠴᠢᠨ ᠨᠤᠲᠤᠭ ᠤᠨ ᠠᠶᠠᠯᠠᠯ ᠤᠨ ᠪᠠᠶᠢᠴᠠᠭᠠᠯᠲᠠ ᠶᠢᠨ ᠪᠦᠯᠬᠦᠮ ᠪᠣᠯ ᠴᠥᠮ ᠪᠡᠭᠡᠵᠢᠩ ᠠᠴᠠ ᠢᠷᠡᠭᠰᠡᠨ ᠰᠦᠯᠵᠢᠶᠡᠨ ᠤ ᠠᠵᠤ ᠠᠬᠤᠶᠢᠯᠠᠯ ᠪᠠᠶ ᠳ᠋ᠦ᠋᠂ ᠰᠢᠨ ᠯᠠᠩ᠂ ᠰᠸᠦ ᠬᠤ᠂ ᠸᠠᠩ ᠢ᠂  ᠲᠧᠩ ᠰᠢᠶᠦ᠋ᠨ ᠵᠡᠷᠭᠡ ᠪᠡᠭᠡᠵᠢᠩ ᠤᠨ 35 ᠰᠦᠯᠵᠢᠶᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠰᠦᠯᠵᠢᠶᠡᠨ ᠤ ᠨᠠᠷᠠᠲᠤ ᠬᠥᠮᠦᠨ 80 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3