ᠱᠠᠨ ᠰᠢ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/9/11
      9 ᠰᠠᠷ᠎ᠠ ᠶᠢᠨ 7᠎ ᠤ ᠡᠳᠦᠷ᠂ ᠱᠠᠨ ᠰᠢ ᠮᠤᠵᠢ ᠶᠢᠨ ᠠᠷᠠᠳ ᠤᠨ ᠶᠠᠪᠤᠳᠠᠯ ᠤᠨ ᠠᠵᠢᠯ ᠦᠶ᠋ᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠶᠠᠨ ᠬᠤᠩ ᠬᠤᠶ ᠨᠠᠷ ᠮᠠᠨ ᠤ ᠰᠢᠶᠠᠨ ᠳᠤ ᠬᠦᠷᠴᠦ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠪᠠ᠃ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠳ᠋ᠦ᠋ ᠷᠦᠨ ᠰᠦᠸ᠋᠂ ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠧᠶ ᠵᠢᠶᠦ᠋ᠨ ᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ  ᠳ᠋ᠠ ᠲᠦᠩ ᠶᠣᠣ ᠰᠢᠶᠠᠩ ᠤᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠰᠢᠩ ᠡᡁᠧ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢᠨ ᠵᠠᠭᠪᠤᠷ᠂ ᠴᠢᠳᠠᠮᠵᠢ ᠶᠢᠨ ᠲᠠᠷᠬᠠᠯᠲᠠ ᠵᠢᠴᠢ ᠬᠠᠮᠢᠶᠠᠷᠤᠯᠲᠠ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠨᠠᠰᠤᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠲᠥᠪ ︵ᠦᠷᠳᠡᠭᠡ︶᠎ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠤᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠨᠡᠩ ᠤᠯᠠᠨ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ ᠪᠣᠯᠭᠠᠨ᠎ᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3