ᠮᠠᠨ ᠤ ᠰᠢᠶᠠᠨ 39 ᠳ᠋ᠦ᠋ᠭᠡᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠡᠷᠬᠢᠯᠡᠵᠡᠢ
ᠨᠡᠶᠢᠲᠡᠯᠡᠭᠰᠡᠨ ᠴᠠᠭ᠄
2023/9/11
     ᠰᠤᠷᠭᠠᠨ ᠬᠦᠮᠦᠵᠢᠯ  ᠤᠨ ᠲᠠᠪᠴᠠᠩ ᠳᠤ ᠪᠡᠶ᠎ᠡ ᠪᠠᠷ ᠢᠶᠠᠨ ᠲᠠᠷᠢᠶᠠᠯᠠᠵᠤ᠂ ᠬᠦᠴᠦᠷᠬᠡᠭ ᠤᠯᠤᠰ ᠲᠤ ᠪᠢ ᠪᠤᠢ᠃ 9 ᠰᠠᠷ᠎ᠠ ᠶᠢᠨ 8 ᠤ ᠡᠳᠦᠷ᠂ ᠮᠠᠨ ᠤ ᠰᠢᠶᠠᠨ 39 ᠳ᠋ᠦᠭᠡᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠦᠳᠡᠯᠭᠡᠭᠡᠨ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ 2023 ᠣᠨ ᠤ ︽ᠬᠡᠪ ᠴᠢᠨᠠᠷ ᠤᠨ ᠰᠤᠷᠭᠠᠨ ᠬᠥᠮᠦᠵᠢᠯ ᠢ ᠳᠥᠯᠭᠢᠨ ᠠᠬᠢᠭᠤᠯᠤᠭᠰᠠᠨ ᠲᠡᠷᠢᠭᠦᠨ ᠤ ᠪᠠᠭᠰᠢ︾ 49 ᠬᠥᠮᠦᠨ᠂ ︽ᠳᠠᠷᠤᠭᠠᠰᠤ ᠶᠢ ᠬᠥᠩᠭᠡᠯᠡᠵᠦ ᠶᠠᠰᠤ ᠴᠢᠨᠠᠷ ᠢ ᠳᠡᠭᠡᠭᠰᠢᠯᠡᠭᠦᠯᠦᠭᠰᠡᠨ ᠲᠡᠷᠢᠭᠦᠨ ᠤ ᠪᠠᠭᠰᠢ︾ 9 ᠬᠥᠮᠦᠨ ᠪᠠ ︽ᠬᠤᠶᠠᠷ ᠢ ᠬᠠᠰᠤᠭᠰᠠᠨ ᠨᠠᠷᠠᠲᠤ ᠪᠠᠭᠰᠢ︾ 13 ᠬᠥᠮᠦᠨ ᠢ ᠤᠩᠰᠢᠨ ᠨᠡᠶᠢᠲᠡᠯᠡᠭᠰᠡᠨ ᠪᠥᠭᠡᠳ ᠬᠥᠬᠢᠭᠦᠯᠦᠨ ᠱᠠᠩᠨᠠᠵᠤ ᠱᠠᠩᠨᠠᠯ ᠭᠠᠷᠳᠠᠭᠤᠯᠪᠠ᠃ ᠳᠠᠷᠠᠭ᠎ᠠ ᠳᠤᠨᠢ᠂ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠢᠷᠡᠭᠡᠳᠦᠢ ᠪᠠᠨ ᠪᠠᠷᠠᠯᠠᠬᠤ︾ ᠪᠠᠷ ᠭᠤᠣᠯ ᠰᠡᠳᠦᠪ ᠪᠣᠯᠭᠠᠵᠤ᠂ ᠪᠥᠵᠢᠭ᠂ ᠰᠢᠯᠦᠭ ᠤᠶᠠᠩᠭ᠎ᠠ᠂ ᠴᠠᠷᠭᠢᠯ ᠬᠤᠯᠪᠣᠭ᠎ᠠ᠂ ᠰᠤᠷᠭᠠᠭᠤᠯᠢ ᠶᠢᠨ ᠬᠦᠷᠢᠶᠡᠨ ᠤ ᠵᠦᠴᠦᠭᠡ ᠵᠡᠷᠭᠡ ᠭᠤᠶᠢᠳᠠ ᠰᠠᠶᠢᠬᠠᠨ ᠲᠣᠭᠯᠠᠯᠲᠠ ᠪᠠᠷ ᠡᠭᠡᠯ ᠵᠢᠷ ᠤᠨ ᠪᠥᠭᠡᠳ ᠠᠭᠤᠤ ᠶᠡᠭᠡ ᠪᠠᠭᠰᠢ ᠨᠢᠭᠡᠪᠦᠷᠢ ᠶᠢ ᠤᠯᠠᠨ ᠵᠦᠢᠯ ᠤᠨ ᠬᠡᠯᠪᠡᠷᠢ ᠪᠠᠷ ᠮᠠᠭᠲᠠᠨ ᠳᠠᠭᠤᠯᠠᠵᠤ᠂ ᠪᠦᠬᠦ ᠰᠢᠶᠠᠨ ᠳᠤ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
     ᠤᠢᠢᠷ᠎ᠠ ᠶᠢᠨ ᠵᠢᠯ ᠠᠴᠠ᠂ ᠮᠠᠨ ᠤ ᠰᠢᠶᠠᠨ ᠢᠮᠠᠭᠲᠠ ᠰᠤᠷᠭᠠᠨ ᠬᠥᠮᠦᠵᠢᠯ ᠢ ᠲᠡᠷᠢᠭᠦᠨ ᠵᠡᠷᠭᠡ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠣᠷᠣᠭᠤᠯᠤᠯᠲᠠ ᠪᠠᠨ ᠨᠡᠮᠡᠭᠳᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢ ᠬᠦᠴᠦᠷᠬᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ︽ᠬᠤᠶᠠᠷ ᠢ ᠪᠠᠭᠠᠰᠬᠠᠬᠤ︾ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠠᠬᠢᠭᠤᠯᠵᠤ᠂ ᠴᠢᠨᠠᠷ ᠰᠠᠶᠢᠲᠠᠢ ᠲᠡᠩᠴᠡᠭᠦᠷᠢᠲᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠩᠬᠡ ᠲᠠᠶᠢᠪᠤᠩ ᠢ ᠮᠠᠨᠳᠤᠭᠤᠯᠬᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠪᠠ᠃
     ᠰᠢᠶᠠᠨ ᠤ ᠤᠳᠤᠷᠢᠳᠤᠯᠭ᠎ᠠ ᠵᠢᠢ ᠰᠢᠶᠤᠤ ᠬᠤᠢ᠂ ᠵᠤᠤ ᠬᠤᠢ ᠵᠢᠤᠢ᠂ ᠯᠢ ᠵᠢᠶᠦ᠋ᠨ ᠬᠦᠳᠡᠯᠭᠡᠭᠡᠨ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3