9 ᠰᠠᠷ᠎ᠠ ᠶᠢᠨ 7 ᠤ ᠡᠳᠦᠷ᠂ ᠱᠠᠨ ᠰᠢ ᠮᠤᠵᠢ ᠶᠢᠨ ᠠᠷᠠᠳ ᠤᠨ ᠶᠠᠪᠤᠳᠠᠯ ᠤᠨ ᠠᠵᠢᠯ ᠦᠶ᠋ᠯᠡᠰ ᠤᠨ | ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠶᠠᠨ ᠬᠤᠩ ᠬᠤᠶ ᠨᠠᠷ ᠮᠠᠨ ᠤ ᠰᠢᠶᠠᠨ ᠳᠤ ᠬᠦᠷᠴᠦ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠪᠠ᠃ ᠦᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠳ᠋ᠦ᠋ ᠷᠦᠨ ᠰᠦᠸ᠋᠂ ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠳᠡᠳ᠋ ᠳᠠᠷᠤᠭ᠎ᠠ ᠸᠧᠶ ᠵᠢᠶᠦ᠋ᠨ ᠢ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠲᠦᠩ ᠶᠣᠣ ᠰᠢᠶᠠᠩ ᠤᠨ ᠣᠷᠣᠨ | ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠰᠢᠩ ᠡᡁᠧ ᠰᠢᠶᠠᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢᠨ ᠵᠠᠭᠪᠤᠷ᠂ | ᠴᠢᠳᠠᠮᠵᠢ ᠶᠢᠨ ᠲᠠᠷᠬᠠᠯᠲᠠ ᠵᠢᠴᠢ ᠬᠠᠮᠢᠶᠠᠷᠤᠯᠲᠠ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠨᠠᠰᠤᠵᠢᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠲᠥᠪ ︵ᠦᠷᠳᠡᠭᠡ︶ ᠤᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠨᠠᠰᠤᠲᠠᠶᠢᠴᠤᠳ ᠤᠨ ᠤᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ | ᠨᠡᠩ ᠤᠯᠠᠨ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ ᠪᠣᠯᠭᠠᠨ᠎ᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |