ᠠᠯᠲᠠᠨ ᠨᠠᠮᠤᠷ ᠤᠨ ᠶᠢᠰᠦᠨ ᠰᠠᠷ᠎ᠠ ᠳᠤ᠂ ᠬᠠᠯᠠᠭᠤᠨ ᠨᠠᠷᠠ ᠲᠦᠢᠮᠡᠷ ᠤᠨ ᠨᠡᠷᠡᠨ ᠤ ᠭᠡᠷᠡᠯ ᠳᠤ ᠥᠪᠥᠷ | ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠡᡁᠧ ᠰᠢᠶᠠᠨ ᠤ ᠵᠠᠩ ᠭᠤᠤ ᠪᠠᠯᠭᠠᠰᠤᠨ ᠤ ᠴᠢ ᠳ᠋ᠤᠤ ᠭᠸᠤ | ᠲᠣᠰᠬᠤᠨ ᠤ ᠠᠷᠠᠳ ᠵᠤᠤ ᠵᠤᠤ ᠺᠦᠢ ᠶᠢᠨ ᠬᠦᠷᠢᠶᠡᠨ ᠳᠤ ᠣᠷᠣᠬᠤ ᠳᠤ᠂ ᠤᠯᠠᠭᠠᠨ ᠭᠦᠢᠯᠡᠰᠦ ᠶᠢ ᠪᠦᠬᠦᠯᠢ | ᠮᠣᠳᠣ ᠪᠠᠷ ᠨᠢ ᠳᠦᠭᠦᠷᠲᠡᠯ᠎ᠡ ᠡᠯᠭᠦᠬᠦ ᠳᠤ᠂ ᠨᠣᠭᠤᠭᠠᠨ ᠨᠠᠮᠠᠭ᠎ᠠ ᠨᠠᠮᠠᠭ᠎ᠠ ᠶᠢᠨ ᠳᠤᠮᠳᠠ ᠨᠢ ᠬᠡᠯᠬᠢᠶ᠎ᠡ ᠵᠢᠮᠢᠰ ᠢ | ᠳᠦᠭᠦᠷᠲᠡᠯ᠎ᠡ ᠡᠯᠭᠦᠵᠦ᠂ ᠵᠠᠷᠢᠮ ᠨᠢ ᠤᠯᠠᠶᠢᠯᠭᠠᠨ᠂ ᠵᠠᠷᠢᠮ ᠨᠢ ᠰᠢᠷᠠᠯᠠᠵᠤ᠂ ᠵᠥᠭᠡᠯᠡᠨ ᠰᠠᠯᠬᠢᠨ ᠤ ᠳᠤᠮᠳᠠ ᠤᠯᠠᠭᠠᠨ | ᠭᠦᠢᠯᠡᠰᠦ ᠶᠢᠨ ᠮᠣᠳᠣᠨ ᠠᠴᠠ ᠬᠥᠮᠦᠰ ᠤᠨ ᠪᠠᠭ᠋ᠠᠷᠤᠯ ᠢ ᠲᠠᠲᠠᠮ᠎ᠠ ᠵᠢᠮᠢᠰ ᠤᠨ ᠦᠨᠦᠷ ᠬᠠᠩᠬᠤᠯᠵᠤ ᠪᠠᠶᠢᠬᠤ ᠶᠢ | ᠣᠯᠵᠤ ᠬᠠᠷᠠᠵᠠᠢ᠃ ᠥᠪᠡᠷ ᠤᠨ ᠵᠢᠵᠢᠭ ᠨᠣᠭᠤᠭ᠎ᠠ ᠶᠢᠨ ᠬᠠᠰᠢᠶᠠᠨ ᠤ ᠪᠠᠨ ᠲᠤᠬᠠᠶ ᠶᠠᠷᠢᠬᠤ ᠳᠠᠭᠠᠨ ᠵᠣᠣ ᠵᠣᠣ ᠺᠦᠶ | ᠄ ︽ᠨᠠᠳᠠ ᠳᠤ 8 ᠮᠥ ᠯᠢᠽᠢ ᠮᠣᠳᠣ ᠲᠠᠢ᠂ ᠶᠠᠭ ᠡᠨᠡ ᠬᠡᠳᠦᠨ ᠬᠠᠰᠢᠶᠠᠨ ᠳᠤ᠂ ᠡᠩ ᠤᠨ ᠴᠠᠭ ᠲᠠᠭᠠᠨ ᠪᠦᠷ | ᠲᠠᠷᠢᠶᠠᠴᠢᠨ ᠠᠶᠢᠯ ᠤᠨ ᠪᠣᠷᠲᠣᠭᠤᠷ ᠬᠡᠷᠡᠭᠯᠡᠳᠡᠭ᠂ ᠤᠷᠭᠤᠮᠠᠯ ᠤᠨ ᠦᠷ᠎ᠡ ᠵᠢᠮᠢᠰ ᠨᠢ ᠬᠥᠮᠦᠨ ᠤ ᠰᠣᠨᠢᠷᠬᠠᠯ ᠢ | ᠲᠠᠲᠠᠮ᠎ᠠ ᠰᠠᠶᠢᠬᠠᠨ ᠪᠠᠶᠢᠳᠠᠭ᠂ ᠡᠨᠡ ᠬᠡᠳᠦᠨ ᠬᠠᠰᠢᠶᠠᠨ ᠳᠤ ᠨᠢᠭᠡ ᠵᠢᠯ ᠳᠤ ᠬᠤᠶᠠᠷ ᠭᠤᠷᠪᠠᠨ ᠲᠦᠮᠡᠨ | ᠲᠥᠭᠦᠷᠢᠭ ᠤᠨ ᠣᠷᠣᠯᠭ᠎ᠠ ᠲᠠᠢ ᠪᠠᠶᠢᠳᠠᠭ︾ ᠭᠡᠵᠦ ᠪᠠᠶᠠᠷ ᠲᠠᠢ ᠪᠠᠷ ᠬᠡᠯᠡᠪᠡ᠃ ᠡᠨᠡ ᠬᠡᠳᠦᠨ ᠬᠠᠰᠢᠶᠠᠨ ᠳᠤ ᠨᠢᠭᠡ | ᠵᠢᠯ ᠳᠤ ᠬᠤᠶᠠᠷ ᠭᠤᠷᠪᠠᠨ ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠳᠠᠭ᠃ ︽ᠵᠢᠵᠢᠭ ᠨᠣᠭᠤᠭᠠᠨ ᠤ | ᠬᠦᠷᠢᠶᠡᠯᠡᠩ︾ ᠨᠢ ᠵᠣᠯ ᠵᠢᠷᠭᠠᠯᠲᠤ ᠠᠮᠢᠳᠤᠷᠠᠯ ᠤᠨ ︽ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ︾ ᠪᠣᠯᠤᠭᠰᠠᠨ | ᠮᠡᠲᠦ᠃ | ᠣᠶᠢᠷ᠎ᠠ ᠶᠢᠨ ᠵᠢᠯ ᠳᠤ᠂ ᠵᠠᠩ ᠭᠤᠣ ᠪᠠᠯᠭᠠᠰᠤ ᠪᠦᠬᠦ ᠪᠠᠯᠭᠠᠰᠤᠨ ᠤ ᠡᠯ᠎ᠡ ᠲᠣᠰᠬᠤᠨ ᠤ ᠡᠬᠢ ᠪᠠᠶᠠᠯᠢᠭ᠂ | ᠠᠵᠤ ᠦᠢᠯᠡᠰ ᠤᠨ ᠰᠠᠭᠤᠷᠢ ᠵᠡᠷᠭᠡ ᠳᠠᠪᠠᠭᠤᠯᠢᠭ ᠲᠠᠢ ᠪᠠᠨ ᠤᠶᠠᠯᠳᠤᠭᠤᠯᠤᠨ᠂ ᠲᠠᠷᠢᠶᠠᠴᠢᠨ ᠡᠷᠦᠬᠡ ᠶᠢᠨ ᠣᠷᠣᠨ | ᠰᠠᠭᠤᠴᠠ ᠶᠢᠨ ᠠᠷᠤ ᠥᠪᠥᠷ ᠤᠨ ᠰᠤᠯᠠ ᠪᠠᠶᠢᠬᠤ ᠭᠠᠵᠠᠷ ᠰᠢᠷᠣᠢ ᠶᠢ ᠭᠦᠢᠴᠡᠳ ᠠᠰᠢᠭᠯᠠᠵᠤ᠂ ᠬᠦᠷᠢᠶ᠎ᠡ | ᠬᠠᠰᠢᠶ᠎ᠠ ᠶᠢᠨ ᠡᠬᠢ ᠪᠠᠶᠠᠯᠢᠭ ᠢ ᠠᠮᠢᠯᠠᠭᠤᠯᠵᠤ᠂ ︽ᠬᠦᠷᠢᠶ᠎ᠡ ᠬᠠᠰᠢᠶ᠎ᠠ ᠶᠢᠨ ᠠᠵᠤ ᠠᠬᠤᠢ︾ ᠶᠢᠨ ᠰᠢᠨ᠎ᠡ | ᠵᠠᠭᠪᠤᠷ ᠤᠨ ᠬᠥᠭᠵᠢᠯᠲᠡ ᠶᠢᠨ ᠰᠡᠳᠬᠢᠴᠡ ᠶᠢ ᠢᠳᠡᠪᠬᠢᠲᠡᠢ ᠰᠦᠪᠡᠭᠴᠢᠯᠡᠵᠦ᠂ ︽ᠵᠢᠵᠢᠭ ᠨᠣᠭᠤᠭ᠎ᠠ ᠶᠢᠨ | ᠬᠦᠷᠢᠶᠡᠯᠡᠩ︾ ᠪᠣᠯᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠭᠡᠭᠡᠵᠦ᠂ ︽ᠢᠮᠠᠬᠤ ᠶᠢᠨ ᠲᠡᠳᠦᠢ ᠭᠠᠵᠠᠷ︾ ᠢ ᠦᠨᠡᠨᠬᠦ | ︽ᠣᠷᠣᠯᠭ᠎ᠠ ᠶᠢ ᠨᠡᠮᠡᠭᠳᠡᠭᠦᠯᠬᠦ ᠬᠦᠷᠢᠶᠡᠯᠡᠩ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠪᠠ᠃ | ᠬᠦᠷᠢᠶ᠎ᠡ ᠬᠠᠰᠢᠶ᠎ᠠ + ᠠᠮᠢ ᠠᠬᠤᠶ ᠶᠢᠨ ᠲᠡᠵᠢᠭᠡᠪᠦᠷᠢ | ᠵᠢᠷᠭᠠᠬᠤ ᠨᠡᠷᠡᠨ ᠤ ᠲᠤᠶᠠᠭᠠᠨ ᠤ ᠳᠣᠣᠷ᠎ᠠ᠂ ᠬᠦᠷᠢᠶᠡᠨ ᠠᠴᠠ ︽ᠮᠠᠶ ᠁ ᠮᠠᠶ ᠁ ᠮᠠᠶ ᠁ ᠁ | ︾ ᠬᠤᠨᠢ ᠢᠮᠠᠭᠠᠨ ᠤ ᠲᠠᠭᠤᠨ ᠪᠣᠯᠤᠨ ᠡᠵᠡᠨ ᠤ ᠬᠢᠨᠢ ᠢᠳᠡᠭᠦᠯᠬᠦ ᠳᠠᠭᠤ ᠶᠢᠨ ᠲᠠᠭᠤᠨ ᠤᠯᠠᠭᠠᠨᠴᠠᠪ ᠬᠤᠳᠠ ᠶᠢᠨ | ᠰᠢᠩ ᠡᡁᠧ ᠰᠢᠶᠠᠨ ᠤ ᠵᠠᠩ ᠭᠤᠤ ᠪᠠᠯᠭᠠᠰᠤ ᠶᠢᠨ ᠠᠷᠪᠠᠨ ᠬᠤᠶᠠᠳᠤᠭᠠᠷ ᠨᠣᠮᠧᠷᠲᠤ ᠲᠣᠰᠬᠤᠨ ᠤ ᠠᠷᠠᠳ ᠵᠠᠩ ᡁᠢ | ᠴᠢᠶᠠᠩ ᠤᠨ ᠭᠡᠷ ᠲᠤ ᠠᠯᠬᠤᠨ ᠣᠷᠣᠬᠤ ᠳᠤ᠂ ᠬᠤᠨᠢ ᠰᠦᠷᠦᠭ ᠤᠨ ᠳᠤᠮᠳᠠᠭᠤᠷ ᠭᠠᠷᠬᠤ ᠳᠤ᠂ ᠬᠠᠪ ᠬᠠᠷ᠎ᠠ | ᠴᠢᠷᠠᠢ ᠳᠤᠨᠢ ᠢᠲᠡᠭᠡᠯ ᠲᠡᠭᠦᠯᠳᠡᠷ ᠢᠨᠢᠶᠡᠮᠰᠦᠭᠯᠡᠵᠦ᠂ ᠲᠡᠵᠢᠭᠡᠯ ᠪᠣᠷᠳᠤᠭ᠎ᠠ ᠪᠠᠨ ᠰᠠᠴᠤᠵᠤ ᠬᠤᠨᠢ ᠲᠡᠵᠢᠭᠡᠵᠦ ᠪᠠᠶᠢᠯ᠎ᠠ | ᠃ | ︽ᠲᠠ ᠨᠠᠷ ᠦᠵᠡᠭᠡᠴᠢ᠂ ᠡᠨᠡ ᠪᠣᠯ ᠡᠨᠡ ᠵᠢᠯ ᠤᠨ ᠰᠠᠶ᠋ᠢᠬᠠᠨ ᠲᠠᠯᠪᠢᠭᠰᠠᠨ ᠬᠤᠷᠠᠭ᠎ᠠ ᠮᠥᠨ᠂ ᠶᠡᠭᠡ | ᠰᠠᠶᠢᠬᠠᠨ ᠤᠷᠭᠤᠵᠤ ᠪᠠᠶᠢᠨ᠎ᠠ᠂ ᠤᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠤᠩ ᠰᠠᠶᠢᠨ ᠪᠠᠶᠢᠨ᠎ᠠ᠃︾ ︽ᠲᠠ | ᠨᠠᠷ ᠦᠵᠡᠭᠡᠴᠢ᠂ ᠡᠨᠡ ᠪᠣᠯ ᠡᠨᠡ ᠵᠢᠯ ᠤᠨ ᠰᠠᠶ᠋ᠢᠬᠠᠨ ᠲᠠᠯᠪᠢᠭᠰᠠᠨ ᠬᠤᠷᠠᠭ᠎ᠠ ᠮᠥᠨ᠂ ᠶᠡᠭᠡ ᠰᠠᠶᠢᠨ ᠤᠷᠭᠤᠵᠤ | ᠪᠠᠶᠢᠨ᠎ᠠ᠂ ᠤᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠤᠩ ᠰᠠᠶᠢᠨ ᠪᠠᠶᠢᠨ᠎ᠠ︾᠃ ᠬᠦᠷᠢᠶᠡᠨ ᠳᠤ ᠶᠠᠭᠠᠷᠠᠯᠳᠤᠵᠤ | ᠪᠠᠶᠢᠭᠰᠠᠨ ᠵᠠᠩ ᡁᠢ ᠴᠢᠶᠠᠩ ᠵᠣᠴᠢᠳ ᠢᠶᠠᠨ ᠬᠠᠯᠠᠭᠤᠨ ᠢᠶᠠᠷ ᠳᠠᠭᠤᠳᠠᠬᠤ ᠶᠢᠨ ᠳᠠᠭᠠᠤ ᠭᠠᠷ ᠬᠦᠯ ᠨᠢ ᠱᠠᠯᠠᠮᠠᠭᠠᠢ ︽ | ᠠᠵᠢᠯ ᠳᠠᠭᠠᠨ ᠶᠠᠭᠠᠷᠠᠯᠳᠤᠨ᠎ᠠ︾᠃ ᠵᠠᠩ ᠭᠤᠤ ᠪᠠᠯᠭᠠᠰᠤ ᠶᠢᠨ ᠠᠷᠪᠠᠨ ᠬᠤᠶᠠᠳᠤᠭᠠᠷ ᠲᠣᠰᠬᠤᠨ ᠳᠤ ᠰᠠᠭᠤᠵᠤ | ᠪᠠᠶᠢᠭ᠎ᠠ ᠵᠠᠩ ᡁᠢ ᠴᠢᠶᠠᠩ ᠪᠣᠯ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠴᠢ ᠪᠣᠯᠤᠨ᠎ᠠ᠂ 2020 ᠣᠨ ᠳᠤ | ᠬᠥᠬᠡᠬᠤᠲᠠ ᠠᠴᠠ ᠨᠤᠲᠤᠭ ᠲᠠᠭᠠᠨ ᠪᠤᠴᠠᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠥᠪᠡᠷ ᠤᠨ | ᠬᠦᠷᠢᠶᠡᠨ ᠳᠡᠭᠡᠨ 360 ᠨᠠᠷᠢᠨ ᠰᠡᠭᠦᠯᠲᠦ ᠬᠤᠨᠢ ᠲᠡᠵᠢᠭᠡᠵᠦ᠂ 30 ᠭᠠᠷᠤᠶ ᠲᠦᠮᠡᠨ ᠲᠥᠭᠦᠷᠢᠭ ᠤᠨ ᠣᠷᠣᠯᠭ᠎ᠠ ᠶᠢ | ᠨᠡᠮᠡᠭᠳᠡᠭᠦᠯᠪᠡ᠃ | ᠣᠳᠣ ᠵᠠᠮ ᠬᠠᠷᠢᠯᠴᠠᠭ᠎ᠠ ᠳᠥᠭᠦᠮ᠂ ᠪᠢᠳᠡᠨ ᠤ ᠠᠮᠢᠳᠤᠷᠠᠯ ᠡᠷᠡᠮᠡᠯᠵᠡᠯ ᠲᠠᠢ᠂ ᠮᠠᠯ ᠬᠤᠳᠠᠯᠳᠤᠬᠤ ᠲᠡᠷᠭᠡ | ᠰᠢᠭᠤᠳ ᠮᠢᠨᠦ ᠡᠭᠦᠳᠡᠨ ᠳᠡᠭᠡᠷ᠎ᠡ ᠢᠷᠡᠵᠦ ᠬᠤᠳᠠᠯᠳᠤ᠂ ᠮᠢᠨᠦ ᠲᠡᠵᠢᠭᠡᠭᠰᠡᠨ ᠬᠤᠨᠢ ᠬᠤᠳᠠᠯᠳᠤᠬᠤ ᠳᠤ ᠵᠣᠪᠠᠭ᠋ᠤ | ᠦᠭᠡᠢ᠃ ᠵᠠᠩ ᡁᠢ ᠴᠢᠶᠠᠩ ᠬᠡᠷ ᠤᠨ ᠢᠶᠠᠨ ᠡᠭᠦᠳᠡᠨ ᠳᠠᠬᠢ ᠰᠠᠷᠠᠭᠤᠯ ᠳᠠᠷᠳᠠᠩ ᠵᠠᠰᠠᠮᠠᠯ ᠵᠠᠮ ᠢ ᠵᠢᠭᠠᠵᠤ ᠰᠡᠳᠬᠢᠯ | ᠳᠣᠭᠳᠣᠯᠤᠨ ᠬᠡᠯᠡᠨ᠎ᠡ᠃ ᠣᠲᠣ᠂ ᠵᠠᠩ ᡁᠢ ᠴᠢᠶᠠᠩ ᠤᠨ ᠡᠳᠦᠷ ᠪᠦᠷᠢ ᠶᠢᠨ ᠬᠠᠮᠤᠭ ᠤᠨ ᠪᠠᠶᠠᠷᠲᠠᠶ ᠶᠠᠪᠤᠳᠠᠯ ᠪᠣᠯ | ᠳᠠᠷᠤᠶ ᠬᠤᠨᠢ ᠲᠡᠵᠢᠭᠡᠬᠦ ᠶᠠᠪᠤᠳᠠᠯ ᠪᠣᠯᠤᠨ᠎ᠠ᠂ ᠡᠨᠡ ᠨᠢ ︿ᠬᠤᠨᠢ ᠲᠡᠵᠢᠭᠡᠬᠦ﹀ ᠶᠢᠨ ᠠᠪᠴᠢᠷᠠᠭᠰᠠᠨ ᠪᠠᠶᠠᠵᠢᠯ ᠤᠨ | ᠰᠠᠶᠢᠨ ᠡᠳᠦᠷ ᠪᠣᠯᠤᠨ᠎ᠠ᠃ | ᠣᠶᠢᠷ᠎ᠠ ᠶᠢᠨ ᠵᠢᠯ ᠳᠤ ᠵᠠᠩ ᠭᠤᠤ ᠪᠠᠯᠭᠠᠰᠤ ᠡᠷᠦᠬᠡ ᠳᠤ ᠬᠦᠷᠴᠦ ᠠᠵᠤ ᠦᠢᠯᠡᠰ ᠢᠶᠠᠷ ᠲᠡᠳᠬᠦᠨ ᠳᠡᠮᠵᠢᠬᠦ | ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ ︵ᠤᠷᠢᠳ ᠬᠤᠵᠢᠳ ᠲᠣᠰᠬᠤᠨ ᠤ ᠠᠷᠠᠳ ᠲᠤ 559 ᠦᠬᠡᠷ᠂ | 1549 ᠬᠤᠨᠢ᠂ 523 ᠲᠠᠬᠢᠶ᠎ᠠ ᠬᠤᠳᠠᠯᠳᠤᠨ ᠠᠪᠴᠤ ᠥᠭᠴᠡᠶ︶ ᠪᠠ ᠡᠪᠡᠰᠦ ᠪᠣᠷᠳᠣᠭᠠᠨ ᠤ ᠨᠥᠬᠦᠪᠥᠷᠢ ᠶᠢᠨ | ᠲᠥᠷᠥᠯ ᠵᠦᠢᠯ ᠨᠢ ᠪᠥᠬᠦ ᠪᠠᠯᠭᠠᠰᠤᠨ ᠤ ᠦᠬᠡᠷ ᠬᠤᠨᠢ ᠲᠠᠬᠢᠶ᠎ᠠ ᠵᠡᠷᠭᠡ ᠬᠦᠷᠢᠶ᠎ᠡ ᠬᠠᠰᠢᠶᠠᠨ ᠤ ᠲᠡᠵᠢᠭᠡᠨ | ᠦᠷᠡᠵᠢᠭᠦᠯᠬᠦ ᠠᠵᠤ ᠦᠢᠯᠡᠰ ᠢ ᠲᠡᠳᠬᠦᠨ ᠳᠡᠮᠵᠢᠵᠦ᠂ ᠪᠥᠬᠦ ᠪᠠᠯᠭᠠᠰᠤᠨ ᠤ ᠬᠦᠷᠢᠶ᠎ᠡ ᠬᠠᠰᠢᠶᠠᠨ ᠤ ᠲᠡᠵᠢᠭᠡᠨ | ᠦᠷᠡᠵᠢᠭᠦᠯᠬᠦ ᠠᠵᠤ ᠦᠢᠯᠡᠰ ᠨᠢ ᠬᠤᠷ᠎ᠠ ᠶᠢᠨ ᠳᠠᠷᠠᠭᠠᠬᠢ ᠬᠤᠯᠤᠰᠤᠨ ᠰᠣᠶᠤᠭ᠎ᠠ ᠮᠡᠲᠦ ᠪᠥᠬᠦ ᠪᠠᠯᠭᠠᠰᠤᠨ ᠳᠤ | ᠥᠷᠨᠢᠨ ᠬᠥᠭᠵᠢᠪᠡ᠃ ᠣᠳᠣᠬᠠᠨ ᠳᠤ 5000 ᠭᠠᠷᠤᠶ ᠠᠯᠠᠰᠢᠨ ᠦᠬᠡᠷ᠂ 13000 ᠭᠠᠷᠤᠶ ᠠᠯᠠᠰᠢᠨ ᠬᠤᠨᠢ᠂ | 3000 ᠭᠠᠷᠤᠶ ᠭᠠᠭ᠋ᠠᠶ᠂ 4000 ᠭᠠᠷᠤᠶ ᠲᠠᠬᠢᠶ᠎ᠠ ᠲᠡᠵᠢᠭᠡᠵᠦ ᠪᠠᠶᠢᠨ᠎ᠠ᠃ | ᠬᠦᠷᠢᠶ᠎ᠡ ᠬᠠᠰᠢᠶ᠎ᠠ + ᠤᠨᠴᠠᠯᠢᠭᠳᠤ ᠭᠠᠷ ᠤᠷᠠᠯᠠᠯ | ᠬᠥᠳᠡᠭᠡ ᠶᠢᠨ ᠵᠠᠮ ᠢᠶᠠᠷ ᠡᠷᠲᠡᠨ ᠤ ᠪᠠᠯᠭᠠᠰᠤ ᠶᠢᠨ ᠵᠠᠩ ᠭᠤᠤ ᠪᠠᠯᠭᠠᠰᠤ ᠶᠢᠨ ᠵᠠᠩ ᠭᠤᠤ ᠲᠣᠰᠬᠤᠨ ᠳᠤ | ᠬᠦᠷᠬᠦ ᠳᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠨᠢᠳᠦᠨ ᠳᠤ ᠲᠣᠳᠣᠷᠠᠵᠤ᠂ ᠵᠢᠮᠢᠰ ᠤᠨ ᠮᠣᠳᠣ ᠡᠯᠪᠡᠭ | ᠬᠤᠷᠢᠶᠠᠯᠲᠠ ᠲᠠᠢ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠨᠢ ︽ᠬᠦᠷᠢᠶᠡᠨ ᠤ ᠠᠵᠤ ᠠᠬᠤᠢ︾ ᠶᠢ ᠪᠤᠢ | ᠪᠣᠯᠭᠠᠭᠰᠠᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠨᠡᠩ ᠬᠥᠭᠵᠢᠭᠡᠵᠡᠢ᠃ | ᠵᠠᠩ ᠭᠤᠤ ᠲᠣᠰᠬᠤᠨ ᠤ ᠴᠢᠨ ᠱᠦᠨ ᠯᠢ ᠶᠢᠨ ᠭᠡᠷ ᠲᠤ᠂ ᠭᠤᠷᠪᠠᠨ ᠰᠠᠷ᠎ᠠ ᠶᠢᠨ ᠲᠠᠪᠤᠨ ᠤ ᠰᠠᠶᠢᠨ ᠨᠠᠶᠢᠵᠠ | ᠬᠠᠨᠵᠤᠨ ᠳᠡᠭᠡᠷ᠎ᠡ ᠪᠠᠨ ᠰᠠᠭᠤᠵᠤ᠂ ᠬᠦᠵᠢ ᠶᠢᠨ ᠤᠭᠤᠲᠠ ᠶᠢᠨ ᠰᠢᠨ᠎ᠡ ᠶᠢ ᠡᠭᠦᠳᠬᠦ ᠲᠤᠬᠠᠢ ᠨᠢᠭᠡ ᠨᠢᠭᠡ ᠦᠭᠡ ᠪᠠᠷ | ᠶᠠᠷᠢᠯᠴᠠᠵᠤ ᠪᠠᠶᠢᠯ᠎ᠠ᠃ ᠨᠢᠭᠡ ᠬᠡᠰᠡᠭ ᠪᠥᠰ᠂ ᠨᠢᠭᠡ ᠰᠢᠷᠬᠡᠭ ᠵᠡᠭᠦᠦ ᠤᠲᠠᠰᠤ᠂ ᠨᠢᠭᠡ ᠰᠢᠷᠬᠡᠭ ᠲᠠᠪᠤᠨ ᠥᠩᠭᠡᠲᠦ | ᠳᠡᠭᠡᠰᠦ᠂ ᠳᠡᠭᠡᠷ᠎ᠡ ᠨᠢ ᠪᠠᠰᠠ ᠨᠢᠭᠡ ᠬᠡᠰᠡᠭ ᠴᠢᠭᠵᠢᠶᠡᠰᠦ ᠨᠡᠮᠡᠭᠡᠳ᠂ ᠨᠢᠭᠡ ᠭᠤᠬᠠᠳᠠᠨ᠂ ᠨᠢᠭᠡ ᠣᠨᠢᠰᠤ ᠲᠠᠢ᠂ | ᠨᠠᠷᠢᠨ ᠵᠡᠭᠦᠦ ᠪᠠᠷ ᠬᠥᠩᠭᠡᠨ ᠪᠥᠵᠢᠭᠯᠡᠨ᠎ᠡ᠃ ᠵᠡᠭᠦᠦ ᠪᠠᠷ ᠤᠲᠠᠰᠤ ᠲᠠᠲᠠᠵᠤ᠂ ᠯᠣᠣ ᠭᠠᠷᠤᠳᠢ ᠶᠢᠨ ᠪᠥᠵᠢᠭ | ᠪᠥᠵᠢᠭᠯᠡᠵᠦ᠂ ᠤᠯᠠᠨ ᠢᠶᠠᠷ ᠢᠶᠠᠨ ᠣᠨᠴᠠ ᠨᠠᠷᠢᠨ ᠬᠢᠨᠠᠮᠠᠭᠠᠶ ᠪᠠᠷ ᠬᠦᠵᠢ ᠶᠢᠨ ᠬᠠᠪᠲᠠᠭ᠎ᠠ ᠶᠢ ᠬᠢᠵᠦ ᠪᠠᠶᠢᠯ᠎ᠠ᠃ | ︽ᠣᠶᠣᠵᠤ ᠨᠡᠶᠢᠯᠡᠭᠦᠯᠬᠦ ᠶᠢᠨ ᠵᠠᠩᠭᠢᠯᠠᠭ᠎ᠠ ᠨᠢ ᠵᠡᠭᠦᠦ ᠶᠢᠨ ᠤᠯᠠ ᠨᠢ ᠵᠠᠪᠠᠯ ᠨᠢᠭᠲᠠ ᠪᠠᠶᠢᠬᠤ ᠬᠡᠷᠡᠭᠲᠡᠶ᠂ | ᠤᠲᠠᠰᠤᠨ ᠤ ᠦᠵᠦᠭᠦᠷ ᠪᠠ ᠰᠦᠢᠬᠠᠨ ᠡᠪᠡᠰᠦ ᠶᠢ ᠠᠮᠠᠷᠬᠠᠨ ᠭᠠᠷᠭᠠᠵᠤ ᠴᠢᠳᠠᠬᠤ ᠦᠭᠡᠢ᠂ ᠤᠲᠠᠰᠤ ᠶᠢ ᠨᠢ ᠵᠠᠪᠠᠯ | ᠵᠢᠭᠳᠡ ᠰᠠᠶᠢᠬᠠᠨ ᠵᠣᠬᠢᠶᠠᠪᠠᠯ ᠦᠨᠦᠷᠲᠦ ᠬᠠᠪᠲᠠᠭ᠎ᠠ ᠶᠢᠨ ᠬᠡᠯᠪᠡᠷᠢ ᠳᠦᠷᠰᠦ ᠨᠢ ᠰᠠᠶ᠋ᠢ ᠭᠤᠶᠤ ᠰᠠᠶᠢᠬᠠᠨ ᠪᠣᠯᠳᠠᠭ ᠲᠤ | ᠣᠷᠣᠰᠢᠨ᠎ᠠ᠃︾ ᠣᠯᠠᠨ ᠢᠶᠠᠷ ᠢᠶᠠᠨ ᠨᠠᠷᠢᠨ ᠨᠢᠮᠪᠠᠶ ᠪᠠᠷ ᠵᠡᠭᠦᠦ ᠰᠢᠭᠠᠵᠤ᠂ ᠵᠡᠭᠦᠦ ᠣᠶᠣᠬᠤ ᠶᠢᠨ ᠳᠠᠭᠠᠤ | ᠶᠠᠷᠢᠯᠴᠠᠵᠤ ᠪᠠᠢᠯ᠎ᠠ᠃ ᠳᠡᠮᠡᠶ ᠤᠳᠠᠯ ᠦᠭᠡᠢ ᠬᠡᠰᠡᠭ ᠪᠤᠰᠠᠭ ᠪᠦᠰ ᠢ ᠣᠶᠣᠵᠤ ᠬᠡᠪᠰᠢᠭᠦᠯᠪᠡ᠃ ᠬᠠᠷᠠᠭᠠᠴᠢ᠂ ᠡᠨᠡ | ᠣᠶᠣᠳᠠᠯ ᠤᠨ ᠠᠵᠢᠯ ᠴᠡᠪᠡᠷ ᠴᠡᠮᠴᠡᠭᠡᠷ ᠪᠥᠭᠡᠳ ᠭᠤᠶᠣ ᠰᠠᠢᠬᠠᠨ ᠁ | ᠡᠨᠡ ᠵᠢᠯ ᠠᠴᠠ ᠨᠠᠰᠢ᠂ ᠵᠠᠩ ᠭᠤᠤ ᠪᠠᠯᠭᠠᠰᠤ ᠶᠢᠨ ᠬᠢᠨ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ | ᠭᠡᠷ ᠪᠦᠯᠢ ᠶᠢᠨ ᠭᠠᠷ ᠦᠢᠯᠡᠳᠪᠦᠷᠢ ᠶᠢ ᠬᠠᠶᠢᠨ ᠰᠦᠪᠡᠭᠴᠢᠯᠡᠵᠦ᠂ 2023 ᠣᠨ ᠳᠤ ᠵᠠᠩ ᠭᠤᠤ ᠶᠢᠨ | ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠦᠮ᠎ᠡ ᠶᠢᠨ | ᠴᠤᠭᠯᠠᠭᠠᠨ ᠢ ᠠᠰᠢᠭᠯᠠᠵᠤ᠂ ᠲᠣᠰᠬᠤᠨ ᠤ ᠠᠷᠠᠳ ᠤᠨ ᠭᠠᠷ ᠢᠶᠠᠷ ᠣᠶᠣᠭᠰᠠᠨ ︽ᠰᠦᠢᠬᠠᠨ ᠡᠪᠡᠰᠦᠨ ᠤ ᠦᠨᠦᠷᠲᠦ | ᠬᠠᠪᠲᠠᠭ᠎ᠠ︾ ᠶᠢ ᠪᠣᠷᠣᠯᠠᠭᠤᠯᠵᠤ᠂ ᠠᠵᠢᠯᠯᠠᠭ᠎ᠠ ᠶᠢᠨ ᠬᠤᠭᠤᠴᠠᠭᠠᠨ ᠳᠤ ᠥᠷᠭᠡᠨ ᠤᠯᠠᠨ ᠵᠤᠭᠠᠴᠠᠭᠰᠠᠳ ᠤᠨ | ᠲᠠᠭᠠᠰᠢᠶᠠᠯ ᠢ ᠣᠯᠵᠠᠢ᠃ ᠡᠮᠡᠭᠲᠡᠶᠢᠴᠦᠳ ᠰᠤᠯᠠ ᠰᠡᠯᠡᠭᠦᠦ ᠴᠠᠭ ᠢᠶᠠᠨ ᠠᠰᠢᠭᠯᠠᠨ ᠤᠯᠠᠮᠵᠢᠯᠠᠯᠲᠤ ᠭᠠᠷ ᠤᠷᠠᠯᠠᠯ ᠤᠨ | ᠦᠢᠯᠡᠳᠬᠡᠯ ᠬᠢᠵᠦ᠂ ᠬᠥᠳᠡᠭᠡ ᠲᠣᠰᠬᠤᠨ ᠤ ᠡᠮᠡᠭᠲᠡᠶᠢᠴᠦᠳ ᠲᠤ ᠬᠦᠷᠢᠶ᠎ᠡ ᠬᠠᠰᠢᠶ᠎ᠠ ᠪᠠᠨ ᠠᠰᠢᠭᠯᠠᠨ ᠭᠡᠷ ᠲᠡᠭᠡᠨ | ᠴᠦ ᠲᠠᠬᠢᠨ ᠠᠵᠢᠯ ᠣᠯᠭᠤᠵᠤ᠂ ᠬᠡᠷ ᠪᠦᠯᠢ ᠶᠢᠨ ᠣᠷᠣᠯᠭ᠎ᠠ ᠶᠢ ᠨᠢ ᠨᠡᠮᠡᠭᠳᠡᠭᠦᠯᠦᠨ᠎ᠡ᠃ | ᠬᠦᠷᠢᠶ᠎ᠡ ᠬᠠᠰᠢᠶ᠎ᠠ + ᠤᠨᠴᠠᠯᠢᠭᠳᠤ ᠲᠠᠷᠢᠮᠠᠯ | ᠴᠢ ᠳ᠋ᠤᠤ ᠭᠧᠤ ᠨᠢ ᠮᠤᠷᠤᠶ ᠰᠠᠷᠤᠶ ᠲᠠᠷᠢᠶᠠᠨ ᠳᠤᠮᠳᠠᠬᠢ ᠵᠡᠭᠦᠨ ᠪᠠᠷᠠᠭᠤᠨ ᠵᠠᠮ ᠤᠨ ᠬᠤᠭᠤᠷᠣᠨᠳᠣ | ᠪᠠᠶᠢᠷᠢᠰᠢᠵᠤ᠂ ᠲᠣᠰᠬᠤᠨ ᠤ ᠮᠠᠰᠢ ᠣᠯᠠᠨ ᠲᠠᠷᠢᠶᠠᠴᠢᠨ ᠡᠷᠦᠬᠡ ᠶᠢᠨ ᠬᠡᠷ ᠪᠠᠶᠢᠰᠢᠩ ᠤᠨ ᠠᠷᠤ ᠥᠪᠥᠷ ᠲᠤ ᠴᠥᠮ | ᠥᠪᠡᠷ ᠤᠨ ᠨᠣᠭᠤᠭ᠎ᠠ ᠶᠢᠨ ᠬᠠᠰᠢᠶ᠎ᠠ ᠲᠠᠢ ᠪᠠᠶᠢᠳᠠᠭ᠂ ᠬᠡᠳᠦ᠋ᠢᠪᠡᠷ ᠦᠵᠡᠬᠦ ᠳᠤ ᠶᠠᠯᠢᠮ ᠥᠬᠡᠶ ᠪᠣᠯᠪᠠᠴᠤ | ᠲᠣᠰᠬᠤᠨ ᠤ ᠠᠷᠠᠳ ᠤᠨ ︽ᠪᠠᠶᠠᠵᠢᠯ ᠤᠨ ᠬᠦᠷᠢᠶᠡᠯᠡᠩ︾ ᠪᠣᠯᠤᠨ᠎ᠠ᠃ ᠴᠢ ᠳ᠋ᠤᠤ ᠭᠸᠤ ᠲᠣᠰᠬᠤᠨ ᠤ ᠠᠷᠠᠳ ᠯᠢ | ᠭᠤᠸᠠᠨ ᠰᠢ ᠶᠢᠨ ᠬᠦᠷᠢᠶᠡᠨ ᠳᠤ ᠣᠷᠣᠬᠤ ᠳᠤ᠂ ᠴᠡᠪᠡᠷ ᠲᠤᠩᠭᠠᠯᠠᠭ ᠵᠢᠵᠢᠭ ᠭᠡᠷ ᠪᠠᠶᠢᠰᠢᠩ ᠲᠠᠢ ᠪᠠᠶᠢᠬᠤ ᠪᠠᠷ | ᠪᠠᠷᠠᠬᠤ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠢᠵᠢᠭ ᠬᠦᠷᠢᠶᠡᠯᠡᠩ ᠴᠦ ᠬᠠᠷᠠᠭᠳᠠᠨ᠎ᠠ᠂ ᠵᠢᠵᠢᠭᠬᠡᠨ | ᠨᠣᠭᠤᠭ᠎ᠠ ᠶᠢᠨ ᠬᠦᠷᠢᠶᠡᠯᠡᠩ ᠳᠤ ᠯᠢ ᠭᠤᠸᠠᠨ ᠰᠢ ᠬᠥᠭᠰᠢᠨ ᠬᠤᠶᠠᠭᠤᠯᠠ ᠶᠢᠨ ᠪᠠᠶᠠᠵᠢᠯ ᠤᠨ ᠰᠤᠳᠤᠷ | ᠠᠭᠤᠯᠤᠭᠳᠠᠵᠤ ᠪᠠᠶᠢᠯ᠎ᠠ᠃ | ᠯᠢ ᠭᠤᠸᠠᠨ ᠰᠢ ᠶᠢᠨ ᠲᠠᠨᠢᠯᠴᠠᠭᠤᠯᠤᠭᠰᠠᠨ ᠢᠶᠠᠷ᠂ ᠨᠣᠭᠤᠭ᠎ᠠ ᠶᠢᠨ ᠬᠦᠷᠢᠶᠡᠯᠡᠩ ᠳᠤ ᠤᠤᠯ ᠤᠨ ᠪᠠᠶᠢᠭᠰᠠᠨ | ᠲᠥᠪᠡᠳ ᠬᠠᠰᠢ᠂ ᠯᠠᠵᠤᠤ᠂ ᠥᠷᠭᠡᠰᠦᠲᠦ ᠬᠡᠮᠬᠡ᠂ ᠲᠦᠭᠦᠬᠡᠶ ᠨᠣᠭᠤᠭ᠎ᠠ᠂ ᠬᠠᠰᠢ᠂ ᠪᠤᠷᠴᠠᠭ ᠵᠡᠷᠭᠡ ᠠᠴᠠ ᠭᠠᠳᠠᠨ᠎ᠠ | ᠪᠠᠰᠠ 10 ᠮᠥ ᠦᠵᠦᠮ᠂ 20 ᠮᠥ ᠤᠯᠠᠭᠠᠨ ᠭᠦᠢᠯᠡᠰᠦ ᠳᠠᠷᠢᠵᠠᠶ᠃ | ᠯᠢ ᠭᠤᠸᠠᠨ ᠰᠢ ᠵᠠᠬ᠎ᠠ ᠳᠡᠯᠭᠡᠭᠦᠷ ᠤᠨ ᠵᠠᠳᠠᠯᠤᠯᠲᠠ ᠶᠢ ᠦᠨᠳᠦᠰᠦᠯᠡᠨ᠂ ᠡᠨᠡ ᠤᠯᠠᠷᠢᠯ ᠳᠤ ᠦᠵᠦᠮ ᠪᠠ | ᠤᠯᠠᠭᠠᠨ ᠭᠦᠢᠯᠡᠰᠦ ᠨᠡᠯᠢᠶᠡᠳ ᠬᠦᠷᠢᠶᠡᠯᠡᠯ ᠲᠠᠢ ᠰᠠᠨᠠᠭᠳᠠᠳᠠᠭ᠂ ᠤᠳᠤ ᠨᠣᠭᠤᠭ᠎ᠠ ᠶᠢᠨ ᠬᠠᠰᠢᠶᠠᠨ ᠳᠤ ᠥᠪᠡᠷ ᠤᠨ | ᠢᠳᠡᠵᠦ ᠪᠠᠶᠢᠭᠰᠠᠨ ᠨᠣᠭᠤᠭ᠎ᠠ ᠠᠴᠠ ᠭᠠᠳᠠᠨ᠎ᠠ᠂ ᠵᠠᠷᠢᠮ ᠳᠠᠭᠠᠨ ᠡᠬᠡᠨᠡᠷ ᠨᠢ ᠵᠢᠵᠢᠭ ᠬᠠᠰᠢᠶᠠᠨ ᠤ ᠪᠠᠨ ᠬᠤᠭᠤᠰᠣᠨ | ᠭᠠᠵᠠᠷ ᠢ ᠠᠰᠢᠭᠯᠠᠨ ᠲᠦᠭᠦᠬᠡᠶ ᠨᠣᠭᠤᠭ᠎ᠠ ᠪᠠ ᠥᠷᠭᠡᠰᠦᠲᠦ ᠬᠡᠮᠬᠡ ᠲᠠᠷᠢᠵᠦ ᠵᠠᠬ᠎ᠠ ᠳᠡᠯᠭᠡᠭᠦᠷ ᠲᠤ ᠠᠪᠠᠴᠢᠵᠤ | ᠪᠣᠷᠣᠯᠠᠭᠤᠯᠳᠠᠭ᠂ ᠤᠳᠤ ᠡᠷ᠎ᠡ ᠡᠮ᠎ᠡ ᠬᠤᠶᠠᠭᠤᠯᠠ ᠪᠠᠨ ᠵᠢᠵᠢᠭ ᠨᠣᠭᠤᠭ᠎ᠠ ᠶᠢᠨ ᠬᠠᠰᠢᠶ᠎ᠠ ᠪᠠᠨ ᠡᠮᠬᠢ ᠵᠠᠮᠪᠠᠷᠠᠭ᠎ᠠ ᠲᠠᠢ | ᠬᠠᠮᠢᠶᠠᠷᠴᠤ᠂ ᠡᠷ᠎ᠡ ᠡᠮ᠎ᠡ ᠬᠤᠶᠠᠭᠤᠯᠠ ᠶᠢᠨ ᠲᠠᠷᠢᠭᠰᠠᠨ ᠦᠵᠦᠮ ᠤᠨ ᠮᠤ ᠪᠦᠷᠢ ᠶᠢᠨ ᠤᠨᠠᠯᠲᠠ ᠨᠢ ᠪᠠᠷᠤᠭ 2000 | ᠵᠢᠩ᠂ ᠵᠢᠯ ᠳᠤ 2 ᠲᠦᠮᠡᠨ ᠵᠢᠩ ᠤᠨ ᠭᠠᠷᠤᠯᠲᠠ ᠲᠠᠢ ᠪᠣᠯᠵᠠᠶ︔ ᠯᠢ ᠽᠢ ᠶᠢᠨ ᠮᠦ ᠪᠦᠷᠢ ᠶᠢᠨ ᠤᠨᠠᠯᠲᠠ ᠨᠢ | ᠪᠠᠷᠤᠭ 4000 ᠵᠢᠩ ᠳᠤ ᠬᠦᠷᠴᠦ᠂ ᠭᠡᠷ ᠪᠦᠯᠢ ᠶᠢᠨ ᠵᠢᠯ ᠤᠨ ᠣᠷᠣᠯᠭ᠎ᠠ ᠨᠢ 10 ᠲᠦᠮᠡ ᠣᠷᠴᠢᠮ ᠪᠣᠯᠪᠠ᠃ | ᠯᠢ ᠭᠤᠸᠠᠨ ᠰᠢ ᠲᠠᠢ ᠶᠠᠷᠢᠯᠴᠠᠬᠤ ᠳᠠᠭᠠᠨ ᠯᠢ ᠭᠤᠸᠠᠨ ᠰᠢ ᠶᠢᠨ ᠡᠬᠡᠨᠡᠷ ᠰᠦᠨ ᠲᠤᠸᠠᠨ ᠲᠤᠸᠠᠨ ᠰᠠᠶ᠋ᠢᠬᠠᠨ | ᠨᠣᠭᠤᠭ᠎ᠠ ᠶᠢᠨ ᠬᠠᠰᠢᠶᠠᠨ ᠠᠴᠠ ᠪᠠᠨ ᠬᠠᠭᠠᠰ ᠲᠠᠯ᠎ᠠ ᠶᠢᠨ ᠤᠯᠠᠭᠠᠨ ᠯᠢᠽᠢ ᠪᠠᠨ ᠲᠡᠭᠦᠵᠦ ᠠᠪᠤᠪᠠ᠃ ᠡᠨᠡ | ᠦᠶ᠎ᠡ ᠳᠤ ᠯᠢ ᠭᠤᠸᠠᠨ ᠰᠢ ᠶᠢᠨ ᠡᠬᠡᠨᠡᠷ ᠰᠦᠨ ᠲᠤᠸᠠᠨ ᠲᠤᠸᠠᠨ ᠰᠠᠶ᠋ᠢ ᠨᠣᠭᠤᠭ᠎ᠠ ᠶᠢᠨ ᠬᠦᠷᠢᠶᠡᠯᠡᠩ ᠠᠴᠠ ᠪᠠᠨ | ᠬᠠᠭᠠᠰ ᠲᠠᠯ᠎ᠠ ᠶᠢᠨ ᠤᠯᠠᠭᠠᠨ ᠯᠢᠽᠢ ᠪᠠᠨ ᠲᠡᠭᠦᠵᠦ ᠠᠪᠤᠪᠠ᠃ ︽ᠣᠳᠣᠬᠠᠨ ᠳᠤ ᠵᠠᠰᠠᠭ ᠤᠨ ᠣᠷᠳᠣᠨ ᠠᠴᠠ ︿ | ᠬᠦᠷᠢᠶ᠎ᠡ ᠬᠠᠰᠢᠶ᠎ᠠ ᠶᠢᠨ ᠠᠵᠤ ᠠᠬᠤᠶ﹀ ᠶᠢ ᠬᠥᠭᠵᠢᠭᠦᠯᠬᠦ ᠶᠢ ᠵᠣᠷᠢᠭᠵᠢᠭᠤᠯᠵᠤ ᠪᠠᠶᠢᠨ᠎ᠠ᠂ ᠮᠠᠨ ᠤ ᠭᠡᠷ ᠤᠨ ᠬᠦᠷᠢᠶ᠎ᠡ | ᠶᠡᠭᠡ ᠪᠢᠰᠢ ᠪᠣᠯᠪᠠᠴᠤ ᠪᠢᠳᠡ ᠭᠡᠷ ᠤᠨ ᠠᠷᠤ ᠥᠪᠥᠷ ᠲᠡᠭᠡᠨ ᠴᠥᠮ ᠲᠥᠪᠡᠳ ᠬᠠᠰᠢ᠂ ᠯᠠᠵᠤᠤ᠂ ᠬᠠᠰᠢ ᠵᠡᠷᠭᠡ | ᠢᠳᠡᠰᠢᠨ ᠨᠣᠭᠤᠭ᠎ᠠ ᠳᠠᠷᠢᠪᠠᠯ ᠭᠡᠷ ᠪᠦᠯᠢ ᠶᠢᠨ ᠵᠠᠷᠤᠳᠠᠯ ᠢ ᠶᠡᠭᠡ ᠪᠠᠷ ᠠᠷᠪᠢᠯᠠᠵᠤ ᠴᠢᠳᠠᠬᠤ ᠪᠠᠷ ᠪᠠᠷᠠᠬᠤ ᠦᠭᠡᠶ | ᠪᠠᠰᠠ ᠬᠤᠳᠠᠯᠳᠤᠵᠤ ᠵᠣᠭᠤᠰ ᠣᠯᠵᠤ ᠴᠢᠳᠠᠨ᠎ᠠ︾᠃ ᠭᠡᠵᠦ ᠰᠦᠨ ᠲᠤᠸᠠᠨ ᠲᠤᠸᠠᠨ ᠬᠡᠯᠡᠪᠡ᠃ | ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢᠨ ᠲᠤᠬᠠᠶ ᠶᠠᠷᠢᠬᠤ ᠳᠤ᠂ ᠬᠥᠮᠦᠰ ᠤᠨ ᠨᠢᠳᠦᠨ ᠳᠤ ᠶᠡᠭᠡ | ᠨᠡᠭᠦᠷᠡᠰᠦᠨ ᠣᠪᠣᠭ᠎ᠠ᠂ ᠭᠠᠯ ᠲᠦᠯᠡᠵᠦ ᠬᠤᠭᠤᠯᠠ ᠬᠢᠬᠦ᠂ ᠢᠯᠠᠭ᠎ᠠ ᠪᠠᠲᠠᠭᠠᠨ᠎ᠠ ᠭᠠᠵᠠᠷ ᠪᠣᠯᠭᠠᠨ ᠳᠤ ᠨᠢᠰᠴᠦ | ᠪᠠᠶᠢᠭ᠎ᠠ ᠵᠡᠷᠭᠡ ᠪᠠᠶᠢᠳᠠᠯ ᠢᠯᠡᠷᠡᠵᠦ ᠪᠠᠶᠢᠳᠠᠭ᠂ ᠦᠨᠡᠨ ᠳᠡᠭᠡᠨ᠂ ᠥᠨᠥᠳᠦᠷ ᠤᠨ ᠬᠥᠳᠡᠭᠡ ᠲᠣᠰᠬᠤᠨ ᠤ ᠬᠦᠷᠢᠶ᠎ᠡ | ᠬᠠᠰᠢᠶ᠎ᠠ ᠳᠤ ᠠᠯᠢ ᠡᠷᠲᠡ ᠨᠠᠩ ᠪᠠᠶᠠᠯᠢᠭ ᠳᠦᠷᠢ ᠲᠥᠷᠬᠦ ᠪᠠ ᠠᠭᠤᠯᠤᠭᠳᠠᠬᠤᠨ ᠲᠠᠢ ᠪᠣᠯᠤᠭᠰᠠᠨ ᠪᠠᠶᠢᠨ᠎ᠠ᠃ ᠴᠢ | ᠳ᠋ᠤᠤ ᠭᠧᠤ ᠳᠤ ᠴᠡᠪᠡᠷ ᠴᠡᠮᠴᠡᠭᠡᠷ᠂ ᠦᠵᠡᠰᠬᠦᠯᠡᠩ ᠨᠠᠷᠢᠯᠢᠭ ᠲᠠᠷᠢᠶᠠᠴᠢᠨ ᠠᠶᠢᠯ ᠤᠨ ᠬᠦᠷᠢᠶ᠎ᠡ | ᠬᠠᠰᠢᠶ᠎ᠠ ᠨᠤᠭᠤᠳ ᠲᠤ᠂ ᠲᠠᠲᠠᠭᠠᠯ ᠲᠠᠲᠠᠭᠠᠯ ᠭᠤᠸ᠎ᠠ ᠵᠢᠮᠢᠰ ᠢᠳᠡᠰᠢᠨ ᠨᠣᠭᠤᠭ᠎ᠠ ᠶᠢᠨ ᠥᠨᠳᠥᠷ ᠪᠣᠭᠤᠨᠢ ᠨᠢ | ᠰᠣᠯᠪᠢᠴᠠᠵᠤ᠂ ᠬᠦᠷᠢᠶ᠎ᠡ ᠬᠠᠰᠢᠶ᠎ᠠ ᠪᠠᠨ ᠴᠡᠴᠡᠷᠯᠢᠭ ᠤᠨ ᠬᠦᠷᠢᠶᠡᠯᠡᠩ ᠰᠢᠭ ᠴᠢᠮᠡᠭᠯᠡᠨ ᠴᠢᠮᠡᠵᠡᠶ᠃ ᠠᠮᠢᠳᠤᠯᠢᠭ | ᠪᠥᠭᠡᠳ ᠣᠯᠠᠨ ᠶᠠᠩᠵᠤ ᠶᠢᠨ ᠬᠦᠷᠢᠶᠡᠨ ᠤ ᠠᠵᠤ ᠠᠬᠤᠶ ᠨᠢ ᠭᠠᠵᠠᠷ ᠰᠢᠷᠣᠶ ᠶᠢᠨ ᠡᠬᠢ ᠪᠠᠶᠠᠯᠢᠭ ᠢ ᠭᠦᠢᠴᠡᠳ | ᠠᠰᠢᠭᠯᠠᠵᠤ᠂ ᠲᠣᠰᠬᠤᠨ ᠤ ᠠᠷᠠᠳ ᠤᠨ ᠬᠠᠷᠮᠠᠨ ᠢ ᠬᠥᠪᠴᠢᠯᠡᠵᠦ᠂ ᠲᠠᠷᠢᠶᠠᠴᠢᠨ ᠠᠶᠢᠯ ᠤᠨ ᠵᠢᠵᠢᠭ ᠬᠦᠷᠢᠶᠡᠯᠡᠩ ᠢ | ᠭᠤᠶᠣ ᠰᠠᠶᠢᠬᠠᠨ ᠪᠣᠯᠭᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠵᠠᠶ᠃ | ᠤᠢᠢᠷ᠎ᠠ ᠶᠢᠨ ᠵᠢᠯ ᠠᠴᠠ᠂ ᠵᠠᠩ ᠭᠤᠤ ᠪᠠᠯᠭᠠᠰᠤ ᠶᠢᠨ ᠣᠷᠳᠣᠨ ᠴᠢ ᠳ᠋ᠤᠤ ᠭᠸᠤ ᠶᠢᠨ ᠦᠵᠦᠮ᠂ ᠯᠢ ᠽᠢ | ᠵᠡᠷᠭᠡ ᠬᠦᠷᠢᠶᠡᠨ ᠤ ᠲᠠᠷᠢᠮᠠᠯ ᠢ ᠶᠡᠬᠡᠪᠡᠷ ᠲᠡᠳᠬᠦᠵᠦ᠂ ᠲᠡᠳᠡᠨ ᠳᠤ ᠲᠠᠰᠤᠷᠠᠯᠲᠠ ᠦᠭᠡᠢ ᠠᠷᠭ᠎ᠠ ᠤᠬᠠᠭᠠᠨ ᠭᠠᠷᠭᠠᠵᠤ | ᠂ ᠴᠢ ᠳ᠋ᠤᠤ ᠭᠸᠤ ᠶᠢᠨ ᠬᠦᠷᠢᠶᠡᠨ ᠤ ᠲᠡᠭᠦᠬᠦ ᠶᠢ ᠪᠦᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠨᠡᠩ ᠤᠯᠠᠨ | ᠬᠥᠮᠦᠰ ᠲᠤ ᠤᠢᠢᠯᠠᠭᠠᠭᠤᠯᠵᠠᠢ᠃ 2022 ᠣᠨ ᠳᠤ᠂ ᠴᠢ ᠳ᠋ᠤᠤ ᠭᠸᠤ ᠲᠣᠰᠬᠤᠨ ᠤ ᠬᠠᠮᠲᠤ ᠶᠢᠨ ᠠᠵᠤ ᠠᠬᠤᠢ ᠶᠢ | ᠬᠡᠷᠡᠭᠯᠡᠨ ᠴᠢ ᠳ᠋ᠤᠤ ᠭᠸᠤ ᠲᠣᠰᠬᠤᠨ ᠤ ᠬᠦᠷᠢᠶᠡᠨ ᠤ ᠠᠵᠤ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠴᠢ | ᠳ᠋ᠤᠤ ᠭᠸᠤ ᠲᠣᠰᠬᠤᠨ ᠤ ᠠᠷᠠᠳ ᠲᠤ 3000 ᠰᠠᠭᠤᠷᠢ ᠵᠤᠯᠵᠠᠭ᠎ᠠ ᠮᠣᠳᠣ ᠲᠦᠭᠡᠭᠡᠵᠦ᠂ ᠬᠦᠷᠢᠶᠡᠨ ᠤ ᠠᠵᠤ | ᠠᠬᠤᠢ ᠶᠢᠨ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠵᠡᠢ᠃ ᠣᠳᠣᠬᠠᠨ ᠳᠤ ᠴᠢ ᠳ᠋ᠤᠤ ᠭᠸᠤ ᠲᠣᠰᠬᠤᠨ ᠤ | 180 ᠭᠠᠷᠤᠢ ᠡᠷᠦᠬᠡ ᠰᠤᠯᠠ ᠪᠠᠶᠢᠬᠤ ᠬᠦᠷᠢᠶ᠎ᠡ ᠶᠢ ᠠᠰᠢᠭᠯᠠᠨ ᠯᠢᠽᠢ᠂ ᠦᠵᠦᠮ ᠲᠠᠷᠢᠵᠦ ᠬᠦᠷᠢᠶᠡᠨ ᠤ ᠠᠵᠤ | ᠠᠬᠤᠢ ᠶᠢ ᠬᠥᠭᠵᠢᠭᠦᠯᠵᠦ᠂ ᠨᠢᠭᠡᠨᠲᠡ ᠵᠣᠬᠢᠬᠤ ᠬᠡᠪᠴᠢᠶ᠎ᠡ ᠲᠠᠢ ᠪᠣᠯᠵᠠᠢ᠃ ᠯᠢ ᠽᠢ ᠶᠢᠨ ᠵᠢᠯ ᠤᠨ ᠭᠠᠷᠤᠯᠲᠠ 20 | ᠲᠦᠮᠡ ᠭᠠᠷᠤᠶ ᠵᠢᠩ ᠳᠤ ᠬᠦᠷᠴᠦ᠂ ᠦᠵᠦᠮ ᠤᠨ ᠵᠢᠯ ᠤᠨ ᠭᠠᠷᠤᠯᠲᠠ 7 ᠲᠦᠮᠡ ᠭᠠᠷᠤᠶ ᠵᠢᠩ ᠳᠤ ᠬᠦᠷᠴᠦ᠂ | ᠡᠷᠦᠬᠡ ᠪᠦᠷᠢ ᠶᠢᠨ ᠳᠤᠮᠳᠠᠴᠢ ᠣᠷᠣᠯᠭ᠎ᠠ 7000 ᠲᠥᠭᠦᠷᠢᠭ ᠲᠤ ᠬᠦᠷᠴᠡᠶ᠃ 2023 ᠣᠨ ᠳᠤ ᠲᠣᠰᠬᠤᠨ ᠤ | ᠠᠷᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠯᠦ ᠶᠣᠣ ᠲᠣᠰᠬᠤᠨ ᠤ ᠬᠦᠷᠢᠶᠡᠨ ᠳᠤ 4 ᠲᠣᠮᠣ ᠫᠤᠩ | ᠰᠢᠨ᠎ᠡ ᠪᠠᠷ ᠪᠠᠶᠢᠭᠤᠯᠬᠤ ᠶᠢ ᠦᠷᠭᠦᠯᠵᠢᠯᠡᠨ ᠳᠡᠮᠵᠢᠵᠦ᠂ ᠪᠠᠯᠭᠠᠰᠤᠨ ᠤ ᠵᠢᠮᠢᠰ ᠲᠡᠭᠦᠬᠦ ᠠᠵᠤ ᠦᠢᠯᠡᠰ ᠢ ᠲᠠᠰᠤᠷᠠᠯᠲᠠ | ᠥᠬᠡᠶ ᠪᠠᠶᠠᠯᠢᠭᠵᠢᠭᠤᠯᠤᠨ᠎ᠠ᠃ ᠲᠡᠭᠦᠵᠦ ᠲᠡᠭᠦᠬᠦ ᠲᠣᠰᠬᠤᠨ ᠳᠤ ᠲᠦᠰᠢᠭᠯᠡᠨ᠂ ᠭᠡᠷ ᠪᠦᠯᠢ ᠶᠢᠨ ᠨᠡᠷᠡᠭᠰᠡᠨ | ᠦᠵᠦᠮ ᠤᠨ ᠠᠷᠢᠬᠢ ᠪᠣᠯᠤᠨ ᠡᠯ᠎ᠡ ᠵᠦᠢᠯ ᠤᠨ ᠨᠤᠲᠤᠭ ᠤᠨ ᠭᠠᠷᠤᠯᠲᠠ ᠴᠤ ᠲᠠᠷᠢᠶᠠᠴᠢᠨ ᠠᠶᠢᠯ ᠤᠨ ᠵᠤᠭᠠᠴᠠᠯ ᠤᠨ | ᠬᠤᠭᠤᠯᠠᠨ ᠰᠢᠷᠡᠭᠡᠨ ᠳᠤ ᠭᠠᠷᠴᠠᠢ᠃ | ︽ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠨᠢ ᠪᠣᠳᠠᠰ ᠤᠨ ᠲᠠᠯ᠎ᠠ ᠪᠠᠷ ᠣᠷᠣᠯᠭ᠎ᠠ ᠪᠠᠨ ᠨᠡᠮᠡᠭᠳᠡᠭᠦᠯᠬᠦ | ᠲᠡᠳᠦᠢ ᠪᠢᠰᠢ᠂ ᠨᠡᠩ ᠴᠤ ᠤᠯᠠᠨ ᠲᠦᠮᠡᠨ ᠤ ᠰᠡᠳᠬᠢᠯ ᠳᠤ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠠᠵᠢᠯᠴᠢ | ᠬᠥᠳᠡᠯᠮᠦᠷᠢᠴᠢ ᠪᠠᠷ ᠪᠠᠶᠠᠵᠢᠬᠤ ᠣᠶᠢᠯᠠᠭᠠᠭᠳᠠᠬᠤᠨ ᠢ ᠦᠨᠳᠦᠰᠦᠯᠡᠭᠰᠡᠨ ᠶᠤᠮ᠂ ᠪᠢᠳᠡ ᠨᠢᠭᠡ ᠲᠣᠰᠬᠤᠨ ᠨᠢᠭᠡ | ᠲᠦᠷᠦᠯ ᠤᠨ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠬᠦᠷᠢᠶᠡᠨ ᠤ ᠠᠵᠤ ᠠᠬᠤᠢ ᠪᠠᠷ ᠤᠯᠠᠨ ᠲᠦᠮᠡᠨ ᠤ | ᠪᠠᠶᠠᠵᠢᠯ ᠤᠨ ︿ᠰᠢᠨ᠎ᠡ ᠬᠥᠳᠡᠯᠭᠡᠭᠦᠷ﹀ ᠢ ᠬᠥᠭᠵᠢᠭᠡᠵᠦ᠂ ︿ᠵᠢᠵᠢᠭ ᠬᠦᠷᠢᠶᠡᠨ﹀ ᠢ ᠶᠡᠭᠡ ᠦᠢᠯᠡᠰ ᠪᠦᠲᠦᠭᠡᠵᠦ᠂ | ᠶᠡᠭᠡ ᠦᠢᠯᠡᠰ ᠪᠦᠲᠦᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾᠃ | ᠭᠡᠵᠦ ᠵᠠᠩ ᠭᠤᠤ ᠪᠠᠯᠭᠠᠰᠤᠨ ᠤ ᠳᠠᠷᠤᠭ᠎ᠠ ᠭᠤᠤ ᠶᠠ ᠨᠠᠨ ᠬᠡᠯᠡᠪᠡ᠃ | ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠬᠠᠰᠢᠶ᠎ᠠ᠂ ᠬᠥᠳᠡᠭᠡ ᠲᠣᠰᠬᠤᠨ ᠢ ᠶᠡᠭᠡ ᠪᠠᠷ ᠬᠥᠭᠵᠢᠭᠦᠯᠦᠨ | ᠮᠠᠨᠳᠤᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤ ᠶᠢᠨ ᠬᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠦᠷᠦ ᠶᠢᠨ ᠪᠤᠳᠤᠯᠭ᠎ᠠ ᠲᠠᠢ ᠨᠢᠭᠲᠠ ᠤᠶᠠᠯᠳᠤᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠲᠥᠯᠥᠪᠵᠢᠭᠦᠯᠬᠦ᠂ | ᠡᠷᠦᠬᠡ ᠶᠢᠨ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠬᠥᠭᠵᠢᠯᠲᠡ ᠶᠢᠨ ᠵᠠᠭᠪᠤᠷ ᠢᠶᠠᠷ᠂ | ᠵᠢᠵᠢᠭ ᠨᠣᠭᠤᠭ᠎ᠠ ᠶᠢᠨ ᠬᠦᠷᠢᠶᠡᠯᠡᠩ᠂ ᠵᠢᠵᠢᠭ ᠵᠢᠮᠢᠰ ᠤᠨ ᠬᠦᠷᠢᠶᠡᠯᠡᠩ᠂ ᠵᠢᠵᠢᠭ ᠲᠡᠵᠢᠭᠡᠨ ᠦᠷᠡᠵᠢᠭᠦᠯᠬᠦ | ᠦᠢᠯᠡᠰ ᠤᠨ ᠬᠥᠭᠵᠢᠯᠲᠡ ᠪᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠬᠦᠷᠢᠶᠡᠨ ᠤ ᠠᠵᠤ ᠠᠬᠤᠢ ᠶᠢ | ᠦᠷᠭᠦᠯᠵᠢᠯᠡᠨ ᠰᠦᠪᠡᠭᠴᠢᠯᠡᠵᠦ᠂ ᠬᠦᠷᠢᠶᠡᠨ ᠤ ᠠᠵᠤ ᠠᠬᠤᠢ ᠶᠢ ᠦᠨᠡᠨᠬᠦ ᠬᠥᠳᠡᠭᠡ ᠲᠣᠰᠬᠤᠨ ᠤ ᠣᠷᠴᠢᠨ | ᠲᠣᠭᠤᠷᠢᠨ ᠢ ᠭᠤᠶᠤᠵᠢᠭᠤᠯᠬᠤ ᠪᠠ ᠲᠣᠰᠬᠤᠨ ᠤ ᠠᠷᠠᠳ ᠤᠨ ᠭᠡᠷ ᠤᠨ ᠣᠷᠣᠯᠭ᠎ᠠ ᠶᠢ ᠨᠡᠮᠡᠭᠳᠡᠭᠦᠯᠬᠦ ᠲᠠᠢ ᠬᠠᠮᠲᠤᠪᠠᠷ | ᠠᠰᠢᠭ ᠬᠦᠷᠲᠡᠭᠡᠨ᠎ᠡ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |