ᠦ᠋ ᠬᠥ᠋ ᠴᠢᠤᠸᠠᠨ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠤᠯᠪᠣᠭᠠᠯᠠᠨ ᠤᠯᠠᠷᠢᠯ ᠤᠨ ᠴᠢᠨᠠᠷᠲᠠᠶ ᠠᠵᠢᠯᠴᠢᠨ ᠬᠡᠷᠡᠭᠯᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/9/12
      ᠣᠳᠣᠬᠠᠨ ᠳᠤ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠪᠥᠬᠦ ᠰᠢᠶᠠᠩ ᠤᠨ ᠤᠯᠠᠷᠢᠯ ᠤᠨ ᠴᠢᠨᠠᠷᠲᠠᠶ ᠲᠦᠷ ᠴᠠᠭ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠥᠬᠦ 9 ᠰᠠᠷ᠎ᠠ ᠶᠢᠨ 5᠎ ᠤ ᠡᠳᠦᠷ᠂ ᠡᠤ ᠬᠥ᠋ ᠴᠢᠤᠸᠠᠨ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠤᠯᠪᠣᠭᠠᠯᠠᠨ ᠤᠯᠠᠷᠢᠯ ᠤᠨ ᠴᠢᠨᠠᠷᠲᠠᠶ ᠲᠦᠷ ᠴᠠᠭ ᠤᠨ ᠠᠵᠢᠯᠴᠢᠨ ᠬᠡᠷᠡᠭᠯᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃      ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠯᠠᠪᠯᠠᠨ ᠠᠰᠠᠭᠤᠬᠤ ᠠᠷᠭ᠎ᠠ ᠮᠠᠶ᠋ᠢᠭ ᠢᠶᠠᠷ ᠴᠠᠯᠢᠩ ᠲᠠᠷᠬᠠᠭᠠᠭᠰᠠᠨ᠂ ᠬᠥᠳᠡᠯᠮᠦᠷᠢ ᠶᠢᠨ ᠭᠡᠷ᠎ᠡ ᠲᠣᠭᠲᠠᠭᠰᠠᠨ᠂ ᠠᠵᠢᠯᠴᠢᠨ ᠤ ᠮᠡᠳᠡᠭᠡ ᠵᠠᠩᠭᠢ ᠵᠡᠷᠭᠡ ᠪᠠᠶᠢᠳᠠᠯ ᠢ ᠣᠶᠢᠯᠠᠭᠠᠪᠠ᠃ ᠪᠠᠰᠠ ᠲᠠᠷᠢᠮᠠᠯ ᠤᠨ ᠲᠣᠮᠣ ᠡᠷᠦᠬᠡ ᠪᠠ ᠬᠥᠳᠡᠯᠮᠦᠷᠢᠴᠢᠳ ᠲᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠲᠠᠷᠢᠮᠠᠯ ᠤᠨ ᠲᠣᠮᠣ ᠡᠷᠦᠬᠡ ᠶᠢ ᠴᠠᠯᠢᠩ ᠥᠷᠢᠲᠦᠬᠦ ᠥᠬᠡᠶ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠬᠥᠳᠡᠯᠮᠦᠷᠢᠴᠢᠳ ᠲᠤ ᠥᠭᠬᠦ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭ᠎ᠠ ᠨᠡᠶᠢᠲᠡ 12 ᠡᠷᠦᠬᠡ ᠠᠵᠢᠯᠴᠢᠨ ᠬᠡᠷᠡᠭᠯᠡᠬᠦ ᠲᠠᠷᠢᠮᠠᠯ ᠤᠨ ᠲᠣᠮᠣ ᠡᠷᠦᠬᠡ ᠶᠢ ᠪᠠᠶᠢᠴᠠᠭᠠᠵᠤ᠂ 200 ᠭᠠᠷᠤᠶ ᠬᠥᠳᠡᠯᠮᠦᠷᠢᠴᠢᠨ ᠳᠤ ᠬᠤᠯᠪᠣᠭᠳᠠᠵᠠᠶ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠪᠥᠬᠦ ᠰᠢᠶᠠᠩ ᠤᠨ ᠨᠠᠮᠤᠷ ᠤᠨ ᠤᠯᠠᠷᠢᠯ ᠤᠨ ᠲᠦᠷ ᠴᠠᠭ ᠤᠨ ᠴᠢᠨᠠᠷᠲᠠᠶ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠪᠠᠶᠢᠳᠠᠯ ᠢ ᠤᠯᠠᠮ ᠨᠢᠭᠡ ᠠᠯᠬᠤᠮ ᠡᠵᠡᠮᠰᠢᠨ ᠵᠢᠷᠤᠮᠵᠢᠭᠤᠯᠵᠤ᠂ ᠠᠵᠢᠯᠴᠢᠨ ᠬᠡᠷᠡᠭᠯᠡᠬᠦ  ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠯᠮᠦᠷᠢᠴᠢᠳ ᠤᠨ ᠴᠠᠯᠢᠩ ᠢ ᠥᠷᠢᠲᠦᠬᠦ ᠦᠢᠯᠡ ᠠᠵᠢᠯᠯᠠᠭ᠎ᠠ ᠶᠢᠨ ᠡᠭᠦᠰᠬᠦ ᠶᠢ ᠴᠢᠨᠡᠭᠡ ᠮᠡᠳᠡᠨ ᠬᠤᠷᠢᠭᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠬᠠᠯᠳᠠᠯᠭ᠎ᠠ ᠳᠤ ᠤᠴᠠᠷᠠᠬᠤ ᠥᠬᠡᠶ ᠪᠠᠶᠢᠬᠤ ᠶᠢ ᠪᠠᠲᠤᠯᠠᠨ᠎ᠠ᠃                                    ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3