ᠰᠢᠩ ᠾᠧ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠡᠬᠢᠯᠡᠯ᠎ᠡ︕
ᠨᠡᠶᠢᠲᠡᠯᠡᠭᠰᠡᠨ ᠴᠠᠭ᠄
2023/9/12
      2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ  ᠰᠦᠢᠳᠭᠡᠯ ᠲᠤᠰᠢᠶᠠᠬᠤ ᠵᠣᠭᠤᠰ ᠤᠨ ᠲᠤᠭ᠎ᠠ ᠨᠢ ᠬᠥᠮᠦᠨ ᠪᠦᠷᠢ 400 ᠲᠥᠭᠦᠷᠢᠭ ᠪᠠᠶᠢᠵᠤ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠨᠢ 2023 ᠣᠨ ᠤ 9 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠃ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ ᠳᠤ ᠰᠦᠢᠳᠭᠡᠯ ᠲᠤᠰᠢᠶᠠᠬᠤ ᠳᠤ ᠣᠯᠭᠤᠮᠵᠢ ᠬᠦᠯᠢᠶᠡᠬᠦ ᠬᠤᠭᠤᠴᠠᠭ᠎ᠠ ᠭᠠᠷᠭᠠᠬᠤ ᠥᠬᠡᠶ᠂ ᠲᠥᠪᠯᠡᠷᠡᠭᠦᠯᠦᠨ  ᠰᠦᠢᠳᠭᠡᠯ ᠲᠤᠰᠢᠶᠠᠭᠰᠠᠨ ᠤ ᠳᠠᠷᠠᠭ᠎ᠠ ᠰᠦᠢᠳᠭᠡᠯ ᠲᠤᠰᠢᠶᠠᠬᠤ ᠳᠤ 1 ᠰᠠᠷ᠎ᠠ ᠶᠢᠨ ᠣᠯᠭᠤᠮᠵᠢ ᠬᠦᠯᠢᠶᠡᠬᠦ ᠬᠤᠭᠤᠴᠠᠭ᠎ᠠ ᠭᠠᠷᠭᠠᠵᠤ᠂ ᠳᠠᠭᠠᠳᠬᠠᠯ ᠳᠤ ᠣᠷᠣᠯᠴᠠᠵᠤ  ᠰᠦᠢᠳᠭᠡᠯ ᠲᠤᠰᠢᠶᠠᠬᠤ ᠰᠠᠭᠤᠭᠠᠯᠢ ᠠᠷᠠᠳ ᠤᠨ ᠣᠯᠭᠤᠮᠵᠢ ᠭᠥᠷᠳᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠃ ᠵᠠᠷᠤᠳᠠᠯ ᠲᠤᠰᠢᠶᠠᠬᠤ ᠳᠠᠭᠠᠨ ᠡᠷᠬᠡᠪᠰᠢ ᠰᠣᠩᠭᠤᠯᠲᠠ ᠬᠢᠬᠦ ᠶᠢ ᠠᠩᠬᠠᠷᠬᠤ ᠬᠡᠷᠡᠭᠲᠡᠶ ︵ᠵᠠᠷᠤᠳᠠᠯ ᠲᠤᠰᠢᠶᠠᠬᠤ ᠣᠨ᠂ ᠵᠠᠷᠤᠳᠠᠯ ᠲᠤᠰᠢᠶᠠᠬᠤ ᠭᠠᠵᠠᠷ ᠣᠷᠣᠨ᠂ ᠵᠠᠷᠤᠳᠠᠯ ᠲᠤᠰᠢᠶᠠᠬᠤ ᠵᠣᠭᠤᠰ ᠤᠨ ᠲᠤᠭ᠎ᠠ︶
                              ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3