ᠴᠧᠩ ᠭᠤᠸᠠᠨ ᠪᠠᠯᠭᠠᠰᠤ ᠤᠰᠤᠯᠠᠯᠲᠠ ᠶᠢᠨ ᠴᠥᠭᠦᠷᠥᠮ ᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/12
         ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠵᠠᠷ ᠳᠤᠤᠷᠠᠬᠢ ᠤᠰᠤᠨ ᠤ ᠲᠦᠪᠰᠢᠨ ᠢ ᠪᠠᠭᠤᠷᠠᠭᠤᠯᠤᠨ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠃ 9 ᠰᠠᠷ᠎ᠠ ᠶᠢᠨ 10 ᠤ ᠡᠳᠦᠷ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠹᠧᠩ ᠰᠢᠤᠢ ᠬᠤᠶ ᠴᠧᠩ ᠭᠤᠸᠠᠨ ᠪᠠᠯᠭᠠᠰᠤ ᠶᠢᠨ ᠤᠰᠤᠯᠠᠯᠲᠠ ᠶᠢᠨ ᠴᠥᠭᠦᠷᠥᠮ ᠢ ᠬᠦᠴᠦᠨ ᠥᠬᠡᠶ ᠪᠣᠯᠭᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠬᠡᠰᠡᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠪᠢ ᠪᠠᠷ ᠢᠶᠠᠨ ᠤᠰᠤ ᠬᠠᠳᠠᠭᠠᠯᠠᠬᠤ ᠴᠥᠭᠦᠷᠥᠮ ᠢ ᠮᠠᠯᠲᠠᠨ ᠪᠠᠶᠢᠭᠤᠯᠬᠤ ᠶᠢᠨ ᠬᠠᠮᠲᠤ ᠲᠣᠭᠲᠠᠭᠠᠯ ᠢ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠤᠰᠤ ᠬᠠᠳᠠᠭᠠᠯᠠᠬᠤ ᠴᠥᠭᠦᠷᠥᠮ ᠳᠤ ᠣᠷᠣᠭᠤᠯᠪᠠᠯ᠂ ᠭᠠᠵᠠᠷ ᠳᠣᠣᠷᠠᠬᠢ ᠤᠰᠤᠨ ᠤ ᠲᠦᠪᠰᠢᠨ ᠢ ᠳᠣᠷᠣᠭᠰᠢᠯᠠᠭᠤᠯᠵᠤ᠂ ᠭᠠᠵᠠᠷ ᠤᠨ ᠭᠠᠮᠰᠢᠭ ᠢ ᠬᠦᠨᠳᠦᠷᠡᠭᠦᠯᠬᠦ᠂ ᠭᠠᠵᠠᠷ ᠰᠢᠷᠣᠢ ᠶᠢᠨ ᠡᠯᠡᠰᠦᠵᠢᠯ᠂ ᠬᠥᠷᠥᠰᠥ ᠰᠢᠷᠣᠢ ᠶᠢᠨ ᠬᠤᠵᠢᠷᠰᠢᠯ ᠵᠡᠷᠭᠡ ᠠᠰᠠᠭᠤᠳᠠᠯ ᠭᠠᠷᠴᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠳᠤ ᠨᠠᠵᠠᠭᠠᠢ ᠨᠥᠯᠥᠭᠡ ᠦᠵᠡᠭᠦᠯᠵᠦ ᠮᠡᠳᠡᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠤᠰᠤ ᠬᠠᠳᠠᠭᠠᠯᠠᠬᠤ ᠴᠥᠭᠦᠷᠥᠮ ᠤᠨ ᠠᠭᠤᠷᠰᠢᠯᠲᠠ ᠶᠢᠨ ᠬᠡᠮᠵᠢᠶ᠎ᠡ ᠶᠡᠭᠡ ᠪᠣᠯ ᠤᠰᠤᠨ ᠤ ᠡᠬᠢ ᠪᠠᠶᠠᠯᠢᠭ ᠢ ᠲᠦᠢᠯ ᠤᠨ ᠶᠡᠭᠡ ᠪᠠᠷ ᠪᠦᠷᠢᠯᠭᠡᠳᠡᠭ᠃      ᠬᠤᠷᠠᠯ ᠠᠴᠠ  ᠴᠢᠩᠭᠠᠳᠭᠠᠭᠰᠠᠨ ᠨᠢ᠂ ᠪᠦᠬᠦ ᠪᠠᠯᠭᠠᠰᠤᠨ ᠤ ᠬᠡᠪᠴᠢᠶᠡᠨ ᠳᠤ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠤᠨ ᠪᠠᠶᠢᠳᠠᠯ ᠢ ᠤᠢᠢᠯᠠᠭᠠᠨ ᠵᠢᠭᠰᠠᠭᠠᠨ ᠪᠠᠶᠢᠴᠠᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰ ᠤᠳᠠᠭ᠎ᠠ ᠶᠢᠨ ᠪᠠᠶᠢᠳᠠᠯ ᠢ ᠤᠢᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠪᠦᠬᠦᠨ ᠢ ᠪᠦᠷᠬᠦᠬᠦᠯᠬᠦ᠂ ᠥᠨᠴᠥᠭ ᠪᠤᠯᠤᠩ ᠦᠭᠡᠢ᠂ ᠰᠣᠬᠤᠷ ᠪᠠᠯᠠᠢ ᠣᠷᠣᠨ ᠦᠭᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠶᠢ ᠪᠠᠷᠢᠮᠲᠠᠯᠠᠨ᠂ ᠤᠰᠤᠯᠠᠯᠲᠠ ᠶᠢᠨ ᠤᠰᠤ ᠬᠠᠳᠠᠭᠠᠯᠠᠬᠤ ᠴᠥᠭᠦᠷᠥᠮ ᠢ ᠳᠤᠷ᠎ᠠ ᠪᠠᠷ ᠢᠶᠠᠨ ᠮᠠᠯᠲᠠᠵᠤ ᠪᠠᠶᠢᠭᠤᠯᠤᠭᠰᠠᠨ ᠪᠠ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠤᠰᠤ ᠶᠢ ᠲᠠᠲᠠᠵᠤ ᠠᠪᠤᠭᠰᠠᠨ ᠥᠢᠯᠡ ᠠᠵᠢᠯᠯᠠᠭ᠎ᠠ ᠶᠢ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠬᠠᠤᠯᠢ ᠶᠣᠰᠣᠭᠠᠷ ᠰᠢᠢᠳᠪᠦᠷᠢᠯᠡᠵᠦ᠂ ᠴᠢᠩᠭ᠎ᠠ ᠴᠣᠬᠢᠯᠲᠠ ᠥᠭᠬᠦ ᠬᠡᠷᠡᠭᠲᠡᠶ᠃                                                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3