ᠣᠳᠣᠬᠠᠨ ᠳᠤ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠪᠥᠬᠦ | ᠰᠢᠶᠠᠩ ᠤᠨ ᠤᠯᠠᠷᠢᠯ ᠤᠨ ᠴᠢᠨᠠᠷᠲᠠᠶ ᠲᠦᠷ ᠴᠠᠭ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠥᠬᠦ 9 ᠰᠠᠷ᠎ᠠ ᠶᠢᠨ 5 ᠤ ᠡᠳᠦᠷ᠂ ᠡᠤ ᠬᠥ᠋ ᠴᠢᠤᠸᠠᠨ ᠰᠢᠶᠠᠩ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠢᠶᠠᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ | ᠬᠤᠯᠪᠣᠭᠠᠯᠠᠨ ᠤᠯᠠᠷᠢᠯ ᠤᠨ ᠴᠢᠨᠠᠷᠲᠠᠶ ᠲᠦᠷ ᠴᠠᠭ ᠤᠨ ᠠᠵᠢᠯᠴᠢᠨ ᠬᠡᠷᠡᠭᠯᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠲᠤ ᠯᠠᠪᠯᠠᠨ | ᠠᠰᠠᠭᠤᠬᠤ ᠠᠷᠭ᠎ᠠ ᠮᠠᠶ᠋ᠢᠭ ᠢᠶᠠᠷ ᠴᠠᠯᠢᠩ ᠲᠠᠷᠬᠠᠭᠠᠭᠰᠠᠨ᠂ ᠬᠥᠳᠡᠯᠮᠦᠷᠢ ᠶᠢᠨ ᠭᠡᠷ᠎ᠡ ᠲᠣᠭᠲᠠᠭᠰᠠᠨ᠂ ᠠᠵᠢᠯᠴᠢᠨ ᠤ ᠮᠡᠳᠡᠭᠡ | ᠵᠠᠩᠭᠢ ᠵᠡᠷᠭᠡ ᠪᠠᠶᠢᠳᠠᠯ ᠢ ᠣᠶᠢᠯᠠᠭᠠᠪᠠ᠃ ᠪᠠᠰᠠ ᠲᠠᠷᠢᠮᠠᠯ ᠤᠨ ᠲᠣᠮᠣ ᠡᠷᠦᠬᠡ ᠪᠠ ᠬᠥᠳᠡᠯᠮᠦᠷᠢᠴᠢᠳ ᠲᠤ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠲᠠᠷᠢᠮᠠᠯ ᠤᠨ ᠲᠣᠮᠣ ᠡᠷᠦᠬᠡ ᠶᠢ ᠴᠠᠯᠢᠩ ᠥᠷᠢᠲᠦᠬᠦ ᠥᠬᠡᠶ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ | ᠬᠥᠳᠡᠯᠮᠦᠷᠢᠴᠢᠳ ᠲᠤ ᠥᠭᠬᠦ ᠬᠡᠷᠡᠭᠲᠡᠶ ᠭᠡᠵᠦ ᠱᠠᠭᠠᠷᠳᠠᠪᠠ᠃ | ᠲᠣᠰ ᠤᠳᠠᠭ᠎ᠠ ᠨᠡᠶᠢᠲᠡ 12 ᠡᠷᠦᠬᠡ ᠠᠵᠢᠯᠴᠢᠨ ᠬᠡᠷᠡᠭᠯᠡᠬᠦ ᠲᠠᠷᠢᠮᠠᠯ ᠤᠨ ᠲᠣᠮᠣ ᠡᠷᠦᠬᠡ ᠶᠢ ᠪᠠᠶᠢᠴᠠᠭᠠᠵᠤ᠂ 200 | ᠭᠠᠷᠤᠶ ᠬᠥᠳᠡᠯᠮᠦᠷᠢᠴᠢᠨ ᠳᠤ ᠬᠤᠯᠪᠣᠭᠳᠠᠵᠠᠶ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠪᠥᠬᠦ | ᠰᠢᠶᠠᠩ ᠤᠨ ᠨᠠᠮᠤᠷ ᠤᠨ ᠤᠯᠠᠷᠢᠯ ᠤᠨ ᠲᠦᠷ ᠴᠠᠭ ᠤᠨ ᠴᠢᠨᠠᠷᠲᠠᠶ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠪᠠᠶᠢᠳᠠᠯ ᠢ ᠤᠯᠠᠮ | ᠨᠢᠭᠡ ᠠᠯᠬᠤᠮ ᠡᠵᠡᠮᠰᠢᠨ ᠵᠢᠷᠤᠮᠵᠢᠭᠤᠯᠵᠤ᠂ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠨ᠎ᠠ᠃ | | ᠲᠠᠷᠠᠭᠠᠴᠢ ᠶᠢᠨ ᠠᠯᠬᠤᠮ ᠳᠤ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠥᠳᠡᠯᠮᠦᠷᠢᠴᠢᠳ ᠤᠨ ᠴᠠᠯᠢᠩ ᠢ ᠥᠷᠢᠲᠦᠬᠦ ᠦᠢᠯᠡ ᠠᠵᠢᠯᠯᠠᠭ᠎ᠠ ᠶᠢᠨ ᠡᠭᠦᠰᠬᠦ ᠶᠢ ᠴᠢᠨᠡᠭᠡ ᠮᠡᠳᠡᠨ ᠬᠤᠷᠢᠭᠯᠠᠵᠤ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠬᠠᠯᠳᠠᠯᠭ᠎ᠠ ᠳᠤ ᠤᠴᠠᠷᠠᠬᠤ ᠥᠬᠡᠶ ᠪᠠᠶᠢᠬᠤ ᠶᠢ ᠪᠠᠲᠤᠯᠠᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |