︽︿ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠠᠵᠢᠯᠯᠠᠭᠠᠨ ᠤ ᠲᠡᠷᠭᠡ ᠬᠥᠰᠬᠡ ᠶᠢᠨ ᠭᠠᠷᠴᠠᠭ﹀ ︵ᠠᠷᠪᠠᠨ ᠨᠢᠭᠡᠳᠦᠭᠡᠷ ᠪᠦᠯᠦᠭ︶ ᠢ ᠨᠡᠶᠢᠲᠡᠯᠡᠬᠦ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠵᠠᠷ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/9/12
      ᠡᠳᠦᠭᠡ ︽ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︿ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠭᠡᠯᠳᠦᠷᠢᠭᠦᠯᠬᠦ ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠠᠵᠢᠯᠯᠠᠭᠠᠨ ᠤ ᠲᠡᠷᠭᠡ ᠬᠥᠰᠬᠡ ᠶᠢᠨ ᠭᠠᠷᠴᠠᠭ﹀ ︵ᠠᠷᠪᠠᠨ ᠨᠢᠭᠡᠳᠦᠭᠡᠷ ᠪᠦᠯᠦᠭ︶ ᠢ ᠨᠡᠶᠢᠲᠡᠯᠡᠬᠦ ᠲᠤᠬᠠᠶ ᠠᠯᠪᠠᠨ ᠵᠠᠷ︾ ᠤᠨ ᠬᠠᠮᠢᠶ᠎ᠠ ᠪᠥᠬᠦᠶ  ᠵᠦᠢᠯᠡᠰ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ᠠᠯᠪᠠᠨ ᠵᠠᠷ ᠨᠡᠶᠢᠲᠡᠯᠡᠭᠰᠡᠨ ᠠᠬᠤᠶ ᠪᠠᠶᠢᠳᠠᠯ      ᠲᠥᠷᠥ ᠶᠢᠨ ᠶᠠᠪᠤᠳᠠᠯ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠦᠨᠡᠨᠬᠦ ᠭᠠᠶᠢᠯᠢ ᠲᠤᠰᠢᠶᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ ᠭᠠᠶᠢᠯᠢ ᠲᠤᠰᠢᠶᠠᠭᠴᠢ ᠶᠢᠨ ᠡᠷᠬᠡ ᠠᠰᠢᠭ ᠢ ᠨᠡᠩ ᠰᠠᠶᠢᠨ ᠬᠠᠮᠠᠭᠠᠯᠠᠵᠤ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ᠲᠣᠭᠲᠠᠮᠠᠯ ᠲᠣᠨᠣᠭᠯᠠᠯ ᠲᠣᠬᠢᠷᠠᠭᠤᠯᠤᠭᠰᠠᠨ ᠲᠡᠭᠡᠭᠡᠪᠦᠷᠢ ᠶᠢᠨ ᠪᠤᠰᠤ ᠲᠤᠰᠬᠠᠶ ᠠᠵᠢᠯ ᠤᠨ ᠲᠡᠷᠭᠡ ᠬᠥᠰᠬᠡ ᠠᠴᠠ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠥᠯᠥ ᠲᠠᠲᠠᠪᠤᠷᠢᠯᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ︵2020 ᠣᠨ ᠤ 35 ᠳ᠋ᠤᠭᠠᠷ ᠲᠣᠭᠠᠲᠤ︶ ᠢ ᠲᠣᠭᠲᠠᠭᠠᠨ ᠲᠠᠷᠬᠠᠭᠠᠵᠤ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ᠲᠣᠭᠲᠠᠮᠠᠯ ᠲᠣᠨᠣᠭᠯᠠᠯ ᠲᠣᠬᠢᠷᠠᠭᠤᠯᠤᠭᠰᠠᠨ ᠲᠡᠭᠡᠭᠡᠪᠦᠷᠢ ᠶᠢᠨ ᠪᠤᠰᠤ ᠲᠤᠰᠬᠠᠶ ᠠᠵᠢᠯ ᠤᠨ ᠲᠡᠷᠭᠡ ᠬᠥᠰᠬᠡ ᠠᠴᠠ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠥᠯᠥ ᠲᠠᠲᠠᠪᠤᠷᠢᠯᠠᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠵᠦᠢᠯᠡᠰ ᠤᠨ ᠲᠤᠬᠠᠶ ᠠᠯᠪᠠᠨ ᠵᠠᠷ︾ ︵2020 ᠣᠨ ᠤ 20 ᠳ᠋ᠤᠭᠠᠷ ᠲᠣᠭᠠᠲᠤ︶ ᠢ ᠲᠣᠭᠲᠠᠭᠠᠨ ᠲᠠᠷᠬᠠᠭᠠᠪᠠ᠃ ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠬᠡᠷᠡᠭᠯᠡᠬᠦ ᠠᠵᠢᠯ ᠤᠨ ᠲᠡᠷᠭᠡ ᠬᠥᠰᠬᠡ ︵ᠳᠣᠷᠣᠭᠰᠢ ︽ᠲᠤᠰᠬᠠᠶ ᠬᠡᠷᠡᠭᠯᠡᠬᠦ ᠲᠡᠷᠭᠡ ᠬᠥᠰᠬᠡ︾ ᠭᠡᠵᠦ ᠲᠣᠪᠴᠢᠯᠠᠨ᠎ᠠ︶ ᠶᠢᠨ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠠᠴᠠ ᠭᠡᠯᠳᠦᠷᠢᠭᠦᠯᠬᠦ ᠲᠤᠰᠬᠠᠶ ᠬᠡᠷᠡᠭᠯᠡᠬᠦ ᠲᠡᠷᠭᠡ ᠬᠥᠰᠬᠡ ᠳᠤ᠂ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠠᠴᠠ ᠭᠡᠯᠳᠦᠷᠢᠭᠦᠯᠬᠦ ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠬᠡᠷᠡᠭᠯᠡᠬᠦ ᠠᠵᠢᠯᠯᠠᠭᠠᠨ ᠤ ᠲᠡᠷᠭᠡ ᠬᠥᠰᠬᠡ ᠶᠢᠨ ᠭᠠᠷᠴᠠᠭ︾ ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢᠶᠠᠷ ᠳᠠᠮᠵᠢᠭᠤᠯᠤᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠶᠢᠯᠢ ᠲᠤᠰᠢᠶᠠᠭᠴᠢ ᠨᠢ ︽ᠭᠠᠷᠴᠠᠭ︾ ᠲᠤ ᠵᠢᠭᠰᠠᠭᠠᠨ ᠣᠷᠣᠭᠤᠯᠤᠭᠰᠠᠨ ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠤᠳᠠᠯᠳᠤᠨ ᠠᠪᠤᠪᠠᠯ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠠᠴᠠ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃      ᠬᠤᠶᠠᠷ᠂ ᠲᠤᠰ ᠪᠦᠯᠦᠭ ᠤᠨ ︽ᠭᠠᠷᠴᠠᠭ︾ ᠤᠨ ᠦᠨᠳᠦᠰᠦᠨ ᠪᠠᠶᠢᠳᠠᠯ      ᠲᠣᠰ ᠪᠦᠯᠦᠭ ᠤᠨ ︽ᠭᠠᠷᠴᠠᠭ︾ ᠢ 2023 ᠣᠨ ᠳᠤ ᠳᠥᠷᠪᠡᠳᠡᠬᠢ ᠤᠳᠠᠭ᠎ᠠ ᠨᠡᠶᠢᠲᠡᠯᠡᠵᠦ᠂ ᠨᠡᠶᠢᠲᠡ ᠠᠷᠪᠠᠨ ᠨᠢᠭᠡᠳᠦᠭᠡᠷ ᠪᠦᠯᠦᠭ ᠲᠤ ᠨᠡᠶᠢᠲᠡᠯᠡᠵᠦ᠂ ᠨᠡᠶᠢᠲᠡ 119 ᠠᠵᠤ ᠠᠬᠤᠶᠢᠯᠠᠯ ᠤᠨ 260 ᠮᠠᠰᠢᠨ ᠲᠡᠷᠭᠡᠨ ᠤ ᠬᠡᠯᠪᠡᠷᠢ ᠳᠤ ᠬᠤᠯᠪᠣᠭᠳᠠᠵᠠᠶ᠃      ᠭᠤᠷᠪᠠ᠂ ᠲᠣᠳᠣᠷᠬᠠᠶᠢᠯᠠᠬᠤ ᠴᠢᠬᠤᠯᠠᠲᠠᠢ ᠠᠰᠠᠭᠤᠳᠠᠯ      ︵ᠨᠢᠭᠡ︶ ᠨᠥᠬᠦᠴᠡᠯ ᠳᠤ ᠨᠡᠶᠢᠴᠡᠬᠦ ᠲᠤᠰᠬᠠᠶ ᠬᠡᠷᠡᠭᠯᠡᠭᠡᠨ ᠤ ᠲᠡᠷᠭᠡ ᠶᠢ ︽ᠭᠠᠷᠴᠠᠭ︾ ᠲᠤ ᠣᠷᠣᠭᠤᠯᠬᠤ ᠪᠠᠷ ᠬᠡᠷᠬᠢᠨ ᠭᠤᠶᠤᠴᠢᠯᠠᠬᠤ ᠪᠤᠢ︖      ︽ᠭᠠᠷᠴᠠᠭ︾ ᠲᠤ ᠵᠢᠭᠰᠠᠭᠠᠨ ᠣᠷᠣᠭᠤᠯᠬᠤ ᠪᠠᠷ ᠭᠤᠶᠤᠴᠢᠯᠠᠭᠰᠠᠨ ᠲᠡᠷᠭᠡᠨ ᠤ ᠬᠡᠯᠪᠡᠷᠢ᠂ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ᠂ ᠭᠠᠳᠠᠭᠠᠳᠤ ᠠᠴᠠ ᠣᠷᠣᠭᠤᠯᠤᠭᠰᠠᠨ ᠲᠡᠷᠭᠡ ᠬᠥᠰᠬᠡ ᠶᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠤᠶᠤ ᠬᠤᠪᠢ ᠬᠥᠮᠦᠨ ︵ᠳᠣᠷᠣᠭᠰᠢ ︽ᠭᠤᠶᠤᠴᠢᠯᠠᠭᠴᠢ︾ ᠭᠡᠵᠦ ᠲᠣᠪᠴᠢᠯᠠᠨ᠎ᠠ ︶ ᠨᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠠᠴᠠ ᠭᠡᠯᠳᠦᠷᠢᠭᠦᠯᠬᠦ ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠠᠵᠢᠯ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠰᠢᠰᠲ᠋ᠧᠮ︾ ᠢᠶᠠᠷ ᠳᠠᠮᠵᠢᠭᠤᠯᠤᠨ ︽ᠭᠠᠷᠴᠠᠭ︾ ᠲᠤ ᠵᠢᠭᠰᠠᠭᠠᠨ ᠣᠷᠣᠭᠤᠯᠤᠭᠰᠠᠨ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃      ︵ᠬᠤᠶᠠᠷ︶ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠢ ᠪᠠᠷ ᠬᠡᠷᠬᠢᠨ ᠰᠢᠢᠳᠪᠦᠷᠢᠯᠡᠬᠦ ᠪᠣᠢ︖      ᠮᠡᠷᠭᠡᠵᠢᠯ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠭᠡᠳᠡᠭ ᠨᠢ ᠭᠤᠶᠤᠴᠢᠯᠠᠭᠴᠢ ᠮᠡᠳᠡᠭᠦᠯᠬᠦ ᠰᠢᠰᠲ᠋ᠧᠮ ᠢᠶᠠᠷ ᠳᠡᠮᠵᠢᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ︽ᠲᠣᠭᠲᠠᠮᠠᠯ ᠲᠣᠨᠣᠭᠯᠠᠯ ᠲᠠᠢ ᠲᠡᠭᠡᠭᠡᠪᠦᠷᠢ ᠶᠢᠨ ᠪᠤᠰᠤ ᠲᠤᠰᠬᠠᠶ ᠠᠵᠢᠯ ᠤᠨ ᠲᠡᠷᠭᠡ ᠬᠥᠰᠬᠡ ᠶᠢᠨ ᠮᠡᠷᠭᠡᠵᠢᠯ ᠤᠨ ᠱᠠᠭᠠᠷᠳᠠᠯᠭ᠎ᠠ︾ ᠳᠤ ᠨᠡᠶᠢᠴᠡᠬᠦ ᠥᠬᠡᠶ᠂ ᠮᠠᠲ᠋ᠧᠷᠢᠶᠠᠯ ᠢᠶᠠᠨ ᠪᠦᠷᠢᠨ ᠲᠤᠰᠢᠶᠠᠭᠰᠠᠨ ᠥᠬᠡᠶ᠂ ᠪᠤᠷᠤᠭᠤ ᠲᠠᠭᠯᠠᠭᠰᠠᠨ ᠵᠡᠷᠭᠡ ᠰᠢᠯᠲᠠᠭᠠᠨ ᠠᠴᠠ ᠪᠣᠯᠵᠣ᠂ ᠲᠣᠨᠣᠭᠯᠠᠯ ᠤᠨ ᠲᠥᠪ ᠠᠴᠠ ︽ᠥᠯᠥ ᠥᠩᠭᠡᠷᠡᠬᠦ︾ ᠳ᠋ᠦᠩᠨᠡᠯᠲᠡ ᠥᠭᠭᠦᠭᠰᠡᠨ ᠪᠠᠶᠢᠳᠠᠯ ᠢ ᠵᠢᠭᠠᠵᠤ ᠪᠣᠶ᠃ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠠᠶᠢᠳᠠᠯ ᠳᠤ᠂ ᠬᠡᠷᠪᠡ ᠭᠤᠶᠤᠴᠢᠯᠠᠭᠴᠢ ᠨᠢ ᠲᠣᠨᠣᠭᠯᠠᠯ ᠤᠨ ᠲᠥᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠳ᠋ᠦᠩ ᠢ ᠵᠥᠪᠰᠢᠶᠡᠷᠡᠬᠦ ᠦᠭᠡᠢ ᠪᠠᠶᠢᠪᠠᠯ᠂ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠴᠠᠭ ᠲᠤᠬᠠᠶ ᠳᠤᠨᠢ ᠲᠠᠬᠢᠨ ᠮᠡᠳᠡᠭᠦᠯᠵᠦ ᠪᠣᠯᠤᠨ᠎ᠠ︔ ᠰᠢᠨ᠎ᠡ ᠪᠠᠷ ᠮᠡᠳᠡᠭᠦᠯᠬᠦ ᠳᠡᠭᠡᠨ ᠲᠣᠨᠣᠭᠯᠠᠯ ᠤᠨ ᠲᠥᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠳ᠋ᠦᠩ ᠳᠤ ᠥᠪᠡᠷ ᠤᠨ ᠰᠠᠨᠠᠯ ᠢᠶᠠᠨ ᠳᠤᠷᠠᠳᠬᠤ ᠶᠢᠨ ᠬᠠᠮᠲᠤ ᠵᠣᠬᠢᠴᠠᠩᠭᠤᠶ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠪᠣᠯᠤᠨ᠎ᠠ︔ ᠲᠣᠨᠣᠭᠯᠠᠯ ᠤᠨ ᠲᠥᠪ ᠠᠴᠠ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠢ ᠳᠠᠬᠢᠨ ᠭᠠᠷᠭᠠᠨ᠎ᠠ᠃ ᠬᠡᠷᠪᠡ ᠭᠤᠶᠤᠴᠢᠯᠠᠭᠴᠢ ᠲᠣᠨᠣᠭᠯᠠᠯ ᠤᠨ ᠲᠥᠪ ᠤᠨ ᠮᠡᠷᠭᠡᠵᠢᠯ ᠢ ᠳᠠᠬᠢᠨ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠮᠥᠨ ᠬᠦ ᠵᠥᠪᠰᠢᠶᠡᠷᠡᠬᠦ ᠥᠬᠡᠶ ᠪᠠᠶᠢᠪᠠᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ 12381 ᠣᠯᠠᠨ ᠨᠡᠶᠢᠲᠡ ᠶᠢᠨ  ᠦᠢᠯᠡᠴᠢᠯᠡᠭᠡᠨ ᠤ ᠳ᠋ᠢᠶᠠᠩᠬᠤᠸᠠ ᠶᠢᠨ ᠲᠠᠪᠴᠠᠩ ᠢᠶᠠᠷ ᠳᠠᠮᠵᠢᠭᠤᠯᠤᠨ ᠠᠰᠠᠭᠤᠨ ᠯᠠᠪᠯᠠᠬᠤ᠂ ᠰᠠᠨᠠᠭᠤᠯᠭ᠎ᠠ ᠳᠤᠷᠠᠳᠬᠤ᠂ ᠵᠠᠭᠠᠯᠳᠤᠵᠤ ᠪᠣᠯᠤᠨ᠎ᠠ᠂ ᠡᠰᠡᠬᠦᠯ᠎ᠡ ᠵᠠᠬᠢᠳᠠᠯ ᠤᠨ ᠬᠡᠯᠪᠡᠷᠢ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠳᠤ ᠬᠠᠮᠢᠶ᠎ᠠ ᠪᠥᠬᠦᠶ ᠠᠰᠠᠭᠤᠳᠠᠯ ᠢ ᠲᠤᠰᠬᠠᠵᠤ ᠪᠣᠯᠤᠨ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠰ ᠳᠠᠷᠠᠭᠠᠯᠠᠯ ᠶᠣᠰᠣᠭᠠᠷ ᠭᠦᠢᠴᠡᠳᠭᠡᠨ᠎ᠡ᠃      ︵ᠭᠤᠷᠪᠠ︶ ︽ᠭᠠᠷᠴᠠᠭ︾ ᠲᠤ ᠵᠢᠭᠰᠠᠭᠠᠭᠳᠠᠭᠰᠠᠨ ᠲᠤᠰᠬᠠᠶ ᠲᠡᠷᠭᠡ ᠬᠥᠰᠬᠡ ᠳᠤ ᠭᠠᠶᠢᠯᠢ ᠠᠴᠠ ᠭᠡᠯᠳᠦᠷᠢᠭᠦᠯᠬᠦ ᠭᠠᠷ  ᠭᠦᠢᠴᠡᠳᠭᠡᠯ ᠢ ᠬᠡᠷᠬᠢᠨ ᠬᠢᠬᠦ ᠪᠣᠶ︖      ᠲᠣᠭᠲᠠᠭᠠᠯ ᠢ ᠦᠨᠳᠦᠰᠦᠯᠡᠪᠡᠯ᠂ ︽ᠭᠠᠷᠴᠠᠭ︾ ᠲᠤ ᠵᠢᠭᠰᠠᠭᠠᠭᠳᠠᠭᠰᠠᠨ ᠲᠡᠷᠭᠡᠨ ᠤ ᠬᠡᠯᠪᠡᠷᠢ ᠳᠤ ᠭᠤᠶᠤᠴᠢᠯᠠᠭᠴᠢ ᠨᠢ ᠦᠢᠯᠡᠳᠪᠦᠷᠢᠯᠡᠭᠰᠡᠨ ᠲᠡᠷᠭᠡᠨ ᠤ ᠡᠯᠧᠺᠲᠷᠣᠨ ᠮᠡᠳᠡᠭᠡ ᠵᠠᠩᠭᠢ ᠳᠠᠭᠠᠨ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠵᠤ ᠪᠣᠯᠤᠨ᠎ᠠ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠠᠴᠠ ᠭᠡᠯᠳᠦᠷᠢᠭᠦᠯᠬᠦ ᠲᠡᠮᠳᠡᠭ ᠵᠢᠴᠢ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ ᠢ ᠦᠨᠳᠦᠰᠦᠯᠡᠨ᠂ ᠭᠠᠶᠢᠯᠢ ᠲᠤᠰᠢᠶᠠᠭᠴᠢ ᠳᠤ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠠᠴᠠ ᠭᠡᠯᠳᠦᠷᠢᠭᠦᠯᠬᠦ ᠭᠠᠷᠳᠠᠮ ᠢ ᠭᠦᠢᠴᠡᠳᠭᠡᠵᠦ ᠥᠭᠭᠦᠨ᠎ᠡ᠃      ᠵᠢᠱᠢᠶ᠎ᠡ ᠲᠠᠲᠠᠵᠤ ᠲᠣᠳᠣᠷᠬᠠᠶᠢᠯᠠᠬᠤ ᠨᠢ᠄ A ᠺᠣᠮᠫᠠᠨᠢ 2023 ᠣᠨ ᠤ 8 ᠰᠠᠷ᠎ᠠ ᠶᠢᠨ 21 ᠤ ᠡᠳᠦᠷ ᠨᠢᠭᠡ ᠲᠤᠰᠬᠠᠶ ᠲᠡᠷᠭᠡ ᠦᠢᠯᠡᠳᠪᠦᠷᠢᠯᠡᠪᠡ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠡᠶᠢᠲᠡᠯᠡᠭᠰᠡᠨ ᠠᠷᠪᠠᠨ ᠨᠢᠭᠡᠳᠦᠭᠡᠷ ᠪᠦᠯᠦᠭ ᠤᠨ ︽ᠭᠠᠷᠴᠠᠭ ︾ ᠳᠤ ᠳᠡᠭᠡᠷ᠎ᠡ ᠳᠤᠷᠠᠳᠤᠭᠰᠠᠨ ᠪᠣᠷᠣᠯᠠᠭᠤᠯᠬᠤ ᠲᠡᠷᠭᠡᠨ ᠤ ᠬᠡᠯᠪᠡᠷᠢ ᠶᠢ ᠪᠠᠭᠲᠠᠭᠠᠭᠰᠠᠨ ᠪᠠᠶᠢᠳᠠᠭ᠂ A ᠺᠣᠮᠫᠠᠨᠢ ᠪᠣᠷᠣᠯᠠᠭᠤᠯᠬᠤ ᠲᠡᠷᠭᠡᠨ ᠤ ᠪᠠᠨ ᠡᠯᠧᠺᠲᠷᠣᠨ ᠮᠡᠳᠡᠭᠡ ᠵᠠᠩᠭᠢ ᠳᠤ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠵᠤ᠂ ᠲᠣᠰ ᠲᠤᠰᠬᠠᠶ ᠲᠡᠷᠭᠡ ᠶᠢ ᠬᠤᠳᠠᠯᠳᠤᠨ ᠠᠪᠤᠭᠰᠠᠨ B ᠭᠠᠶᠢᠯᠢ ᠲᠤᠰᠢᠶᠠᠭᠴᠢ ᠭᠠᠶᠢᠯᠢ ᠠᠴᠠ ᠭᠡᠯᠳᠦᠷᠢᠭᠦᠯᠬᠦ ᠲᠡᠮᠳᠡᠭ ᠵᠢᠴᠢ ᠪᠤᠰᠤᠳ ᠮᠠᠲ᠋ᠧᠷᠢᠶᠠᠯ ᠢᠶᠠᠷ ᠢᠶᠠᠨ ᠭᠠᠶᠢᠯᠢ ᠠᠴᠠ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠭᠥᠷᠳᠡᠵᠦ ᠪᠣᠯᠤᠨ᠎ᠠ᠃      ︵ᠳᠥᠷᠪᠡ︶ ︽ᠭᠠᠷᠴᠠᠭ︾ ᠢ ᠨᠡᠶᠢᠲᠡᠯᠡᠬᠦ ᠠᠴᠠ ᠡᠮᠦᠨ᠎ᠡ ᠨᠢᠭᠡᠨᠲᠡ ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ ᠲᠤᠰᠬᠠᠶ ᠲᠡᠷᠭᠡ ᠬᠥᠰᠬᠡ ᠠᠴᠠ ᠭᠠᠶᠢᠯᠢ ᠠᠴᠠ ᠬᠡᠯᠲᠦᠷᠢᠭᠦᠯᠬᠦ ᠶᠢ ᠬᠡᠷᠬᠢᠨ ᠭᠦᠢᠴᠡᠳᠬᠡᠬᠦ ᠪᠣᠢ︖      ᠲᠣᠭᠲᠠᠭᠠᠯ ᠢ ᠦᠨᠳᠦᠰᠦᠯᠡᠪᠡᠯ᠂ ︽ᠭᠠᠷᠴᠠᠭ︾ ᠢ ᠨᠡᠶᠢᠲᠡᠯᠡᠬᠦ ᠠᠴᠠ ᠡᠮᠦᠨ᠎ᠡ ᠨᠢᠭᠡᠨᠲᠡ  ᠦᠢᠯᠡᠳᠪᠦᠷᠢ ᠠᠴᠠ ᠭᠠᠷᠭᠠᠵᠤ ᠪᠣᠷᠣᠯᠠᠭᠤᠯᠤᠭᠰᠠᠨ ᠲᠤᠰᠬᠠᠶ ᠲᠡᠷᠭᠡ ᠬᠥᠰᠬᠡ ᠶᠢ ᠪᠣᠯ᠂ ᠭᠤᠶᠤᠴᠢᠯᠠᠭᠴᠢ ᠨᠢ ᠪᠣᠷᠣᠯᠠᠭᠤᠯᠵᠤ ᠪᠠᠶᠢᠭ᠎ᠠ ᠲᠡᠷᠭᠡ ᠬᠥᠰᠬᠡ ᠶᠢᠨ ᠢᠶᠠᠨ ᠲᠡᠷᠭᠡᠨ ᠤ ᠬᠡᠯᠪᠡᠷᠢ ᠶᠢ ︽ᠭᠠᠷᠴᠠᠭ︾ ᠲᠤ ᠣᠷᠣᠭᠤᠯᠤᠭᠰᠠᠨ ᠤ ᠳᠠᠷᠠᠭ᠎ᠠ᠂ ᠪᠣᠷᠣᠯᠠᠭᠤᠯᠵᠤ ᠪᠠᠶᠢᠭ᠎ᠠ ᠲᠡᠷᠭᠡ ᠬᠥᠰᠬᠡ ᠶᠢᠨ ᠢᠶᠠᠨ ᠡᠯᠧᠺᠲᠷᠣᠨ ᠮᠡᠳᠡᠭᠡ ᠵᠠᠩᠭᠢ ᠳᠤ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠵᠤ᠂ ᠳᠠᠭᠢᠵᠤ ᠳᠡᠭᠡᠭᠰᠢ ᠳᠠᠮᠵᠢᠭᠤᠯᠵᠤ ᠪᠣᠯᠤᠨ᠎ᠠ᠃ ᠭᠠᠶᠢᠯᠢ ᠲᠤᠰᠢᠶᠠᠭᠴᠢ ᠭᠠᠶᠢᠯᠢ ᠠᠴᠠ ᠬᠡᠯᠲᠦᠷᠢᠭᠦᠯᠬᠦ ᠢᠯᠡᠳᠬᠡᠮᠵᠢ ᠳᠡᠮᠳᠡᠭ ᠵᠢᠴᠢ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠭᠠᠶᠢᠯᠢ ᠠᠴᠠ ᠬᠡᠯᠲᠦᠷᠢᠭᠦᠯᠬᠦ ᠶᠢ ᠭᠦᠢᠴᠡᠳᠬᠡᠵᠦ ᠪᠣᠯᠤᠨ᠎ᠠ᠃      ᠵᠢᠱᠢᠶᠡᠯᠡᠨ ᠲᠣᠳᠣᠷᠬᠠᠶᠢᠯᠠᠭᠰᠠᠨ ᠢᠶᠠᠷ᠄ A ᠺᠣᠮᠫᠠᠨᠢ 2023 ᠣᠨ ᠤ 8 ᠰᠠᠷ᠎ᠠ ᠶᠢᠨ 10 ᠤ ᠡᠳᠦᠷ B ᠭᠠᠶᠢᠯᠢ ᠲᠤᠰᠢᠶᠠᠭᠴᠢ ᠳᠤ ︽ᠭᠠᠷᠴᠠᠭ︾ ᠲᠤ ᠵᠢᠭᠰᠠᠭᠠᠭᠳᠠᠭᠰᠠᠨ ᠥᠬᠡᠶ ᠨᠢᠭᠡ ᠮᠠᠰᠢᠨ ᠲᠡᠷᠭᠡ ᠶᠢ ᠬᠤᠳᠠᠯᠳᠤᠨ ᠥᠭᠴᠦ᠂ A ᠺᠣᠮᠫᠠᠨᠢ ᠮᠠᠰᠢᠨ ᠲᠡᠷᠭᠡᠨ ᠤ ᠡᠯᠧᠺᠲᠷᠣᠨ ᠮᠡᠳᠡᠭᠡ ᠵᠠᠩᠭᠢ ᠶᠢ ᠳᠠᠮᠵᠢᠭᠤᠯᠬᠤ ᠳᠠᠭᠠᠨ ᠭᠠᠶᠢᠯᠢ ᠠᠴᠠ ᠭᠡᠯᠳᠦᠷᠢᠭᠦᠯᠬᠦ ᠲᠡᠮᠳᠡᠭ ᠬᠠᠳᠠᠭᠰᠠᠨ ᠥᠬᠡᠶ᠃ ᠡᠭᠦᠨ ᠤ ᠳᠠᠷᠠᠭ᠎ᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠡᠶᠢᠲᠡᠯᠡᠭᠰᠡᠨ ᠠᠷᠪᠠᠨ ᠨᠢᠭᠡᠳᠦᠭᠡᠷ ᠪᠦᠯᠦᠭ ᠤᠨ ︽ᠭᠠᠷᠴᠠᠭ︾ ᠲᠤ ᠳᠡᠭᠡᠷ᠎ᠡ ᠳᠤᠷᠠᠳᠤᠭᠰᠠᠨ ᠪᠣᠷᠣᠯᠠᠭᠤᠯᠭ᠎ᠠ ᠶᠢᠨ ᠲᠡᠷᠭᠡᠨ ᠤ ᠬᠡᠯᠪᠡᠷᠢ ᠶᠢ ᠪᠠᠭᠲᠠᠭᠠᠭᠰᠠᠨ ᠪᠠᠶᠢᠳᠠᠭ᠂ A ᠺᠣᠮᠫᠠᠨᠢ ᠠᠷᠪᠠᠨ ᠨᠢᠭᠡᠳᠦᠭᠡᠷ ᠪᠦᠯᠦᠭ ᠤᠨ ︽ᠭᠠᠷᠴᠠᠭ︾ ᠢ ᠨᠡᠶᠢᠲᠡᠯᠡᠭᠰᠡᠨ ᠤ ᠳᠠᠷᠠᠭ᠎ᠠ᠂ B ᠭᠠᠶᠢᠯᠢ ᠲᠤᠰᠢᠶᠠᠭᠴᠢ ᠶᠢᠨ ᠬᠤᠳᠠᠯᠳᠤᠨ ᠠᠪᠤᠭᠰᠠᠨ ᠲᠡᠷᠭᠡᠨ ᠤ ᠡᠯᠧᠺᠲᠷᠣᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠵᠤ᠂ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠬᠤ ᠶᠢᠨ ᠬᠠᠮᠲᠤ ᠳᠠᠭᠢᠵᠤ ᠳᠠᠮᠵᠢᠭᠤᠯᠵᠤ ᠪᠣᠯᠤᠨ᠎ᠠ᠃ B ᠭᠠᠶᠢᠯᠢ ᠲᠤᠰᠢᠶᠠᠭᠴᠢ ᠭᠠᠶᠢᠯᠢ ᠠᠴᠠ ᠭᠡᠯᠳᠦᠷᠢᠭᠦᠯᠬᠦ ᠲᠡᠮᠳᠡᠭ ᠵᠢᠴᠢ ᠪᠤᠰᠤᠳ ᠮᠠᠲ᠋ᠧᠷᠢᠶᠠᠯ ᠢᠶᠠᠷ ᠢᠶᠠᠨ ᠭᠠᠶᠢᠯᠢ ᠠᠴᠠ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠭᠥᠷᠳᠡᠵᠦ ᠪᠣᠯᠤᠨ᠎ᠠ᠃      ︵ᠲᠠᠪᠤ︶ ᠭᠠᠶᠢᠯᠢ ᠲᠤᠰᠢᠶᠠᠭᠴᠢ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠪᠠᠨ ᠲᠤᠰᠢᠶᠠᠭᠰᠠᠨ ᠤ ᠳᠠᠷᠠᠭ᠎ᠠ ᠲᠤᠰᠬᠠᠶ ᠬᠡᠷᠡᠭᠯᠡᠬᠦ ᠲᠡᠷᠭᠡ ᠬᠥᠰᠬᠡ ᠶᠢ ︽ᠭᠠᠷᠴᠠᠭ︾ ᠲᠤ ᠣᠷᠣᠭᠤᠯᠪᠠᠯ ᠬᠡᠷᠬᠢᠨ  ᠰᠢᠢᠳᠪᠦᠷᠢᠯᠡᠬᠦ ᠪᠣᠶ︖      ︽ᠭᠠᠷᠴᠠᠭ︾ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠡᠷᠪᠡ ᠭᠠᠶᠢᠯᠢ ᠲᠤᠰᠢᠶᠠᠭᠴᠢ ᠲᠤᠰᠬᠠᠶ ᠬᠡᠷᠡᠭᠯᠡᠬᠦ ᠮᠠᠰᠢᠨ ᠲᠡᠷᠭᠡ ᠬᠤᠳᠠᠯᠳᠤᠨ ᠠᠪᠤᠭᠰᠠᠨ ᠪᠥᠭᠡᠳ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠲᠤᠰᠢᠶᠠᠭᠰᠠᠨ ᠤ ᠳᠠᠷᠠᠭ᠎ᠠ ᠲᠣᠰ ᠲᠤᠰᠬᠠᠶ ᠬᠡᠷᠡᠭᠯᠡᠬᠦ ᠮᠠᠰᠢᠨ ᠲᠡᠷᠭᠡ ᠶᠢ ︽ᠭᠠᠷᠴᠠᠭ︾ ᠲᠤ ᠵᠢᠭᠰᠠᠭᠠᠨ ᠣᠷᠣᠭᠤᠯᠤᠭᠰᠠᠨ ᠪᠠᠶᠢᠪᠠᠯ᠂ ᠭᠤᠶᠤᠴᠢᠯᠠᠭᠴᠢ ᠨᠢ ᠪᠣᠷᠣᠯᠠᠭᠤᠯᠵᠤ ᠪᠠᠶᠢᠭ᠎ᠠ ᠮᠠᠰᠢᠨ ᠲᠡᠷᠭᠡᠨ ᠤ ᠬᠡᠯᠪᠡᠷᠢ ᠶᠢ ︽ᠭᠠᠷᠴᠠᠭ︾ ᠲᠤ ᠵᠢᠭᠰᠠᠭᠠᠨ ᠣᠷᠣᠭᠤᠯᠤᠭᠰᠠᠨ ᠤ ᠳᠠᠷᠠᠭ᠎ᠠ᠂ ᠪᠣᠷᠣᠯᠠᠭᠤᠯᠵᠤ ᠪᠠᠶᠢᠭ᠎ᠠ ᠮᠠᠰᠢᠨ ᠲᠡᠷᠭᠡᠨ ᠤ ᠮᠠᠰᠢᠨ ᠲᠡᠷᠭᠡᠨ ᠤ ᠡᠯᠧᠺᠲᠷᠣᠨ ᠮᠡᠳᠡᠭᠡ ᠵᠠᠩᠭᠢ ᠳᠤ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠵᠤ᠂ ᠳᠠᠭᠢᠵᠤ ᠳᠡᠭᠡᠭᠰᠢ ᠳᠠᠮᠵᠢᠭᠤᠯᠵᠤ ᠪᠣᠯᠤᠨ᠎ᠠ᠃ ᠭᠠᠶᠢᠯᠢ ᠲᠤᠰᠢᠶᠠᠭᠴᠢ ᠭᠠᠶᠢᠯᠢ ᠠᠴᠠ ᠬᠡᠯᠲᠦᠷᠢᠭᠦᠯᠬᠦ ᠢᠯᠡᠳᠬᠡᠮᠵᠢ ᠳᠡᠮᠳᠡᠭ ᠵᠢᠴᠢ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠭᠠᠶᠢᠯᠢ ᠶᠢ ᠪᠤᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ︔ ᠭᠠᠶᠢᠯᠢ ᠶᠢᠨ ᠶᠠᠪᠤᠳᠠᠯ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠭᠠᠶᠢᠯᠢ ᠲᠤᠰᠢᠶᠠᠭᠴᠢ ᠶᠢᠨ ᠨᠢᠭᠡᠨᠲᠡ ᠲᠤᠰᠢᠶᠠᠭᠰᠠᠨ ᠭᠠᠶᠢᠯᠢ ᠶᠢᠨ ᠵᠣᠭᠤᠰ ᠢ ᠬᠠᠤᠯᠢ ᠶᠣᠰᠣᠭᠠᠷ ᠪᠤᠴᠠᠭᠠᠵᠤ ᠥᠭᠭᠦᠨ᠎ᠡ᠃      ᠵᠢᠱᠢᠶ᠎ᠡ ᠲᠠᠲᠠᠵᠤ ᠲᠣᠳᠣᠷᠬᠠᠶᠢᠯᠠᠬᠤ ᠨᠢ᠄ A ᠺᠣᠮᠫᠠᠨᠢ 2023 ᠣᠨ ᠤ 8 ᠰᠠᠷ᠎ᠠ ᠶᠢᠨ 5 ᠤ ᠡᠳᠦᠷ B ᠭᠠᠶᠢᠯᠢ ᠲᠤᠰᠢᠶᠠᠭᠴᠢ ᠳᠤ ᠨᠢᠭᠡ ︽ᠭᠠᠷᠴᠠᠭ︾ ᠲᠤ ᠤᠷᠤᠭᠰᠠᠨ ᠦᠭᠡᠶ ᠲᠡᠷᠭᠡ ᠶᠢ ᠬᠤᠳᠠᠯᠳᠤᠨ ᠥᠭᠴᠦ᠂ B ᠭᠠᠶᠢᠯᠢ ᠲᠤᠰᠢᠶᠠᠭᠴᠢ ᠮᠠᠰᠢᠨ ᠲᠡᠷᠭᠡ ᠬᠤᠳᠠᠯᠳᠤᠨ ᠠᠪᠤᠭᠰᠠᠨ ᠤ ᠳᠠᠷᠠᠭ᠎ᠠ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠪᠠᠨ ᠲᠤᠰᠢᠶᠠᠵᠠᠶ᠂ ᠡᠭᠦᠨ ᠤ ᠳᠠᠷᠠᠭ᠎ᠠ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠡᠶᠢᠲᠡᠯᠡᠭᠰᠡᠨ ᠠᠷᠪᠠᠨ ᠨᠢᠭᠡᠳᠦᠭᠡᠷ ᠪᠦᠯᠦᠭ ᠤᠨ ︽ᠭᠠᠷᠴᠠᠭ ︾ ᠲᠤ ᠳᠡᠭᠡᠷ᠎ᠡ ᠳᠤᠷᠠᠳᠤᠭᠰᠠᠨ ᠪᠣᠷᠣᠯᠠᠭᠤᠯᠭ᠎ᠠ ᠶᠢᠨ ᠮᠠᠰᠢᠨ ᠲᠡᠷᠭᠡᠨ ᠤ ᠬᠡᠯᠪᠡᠷᠢ ᠶᠢ ᠪᠠᠭᠲᠠᠭᠠᠭᠰᠠᠨ ᠪᠠᠶᠢᠳᠠᠭ᠂ A ᠺᠣᠮᠫᠠᠨᠢ ᠠᠷᠪᠠᠨ ᠨᠢᠭᠡᠳᠦᠭᠡᠷ ᠪᠦᠯᠦᠭ ᠤᠨ ︽ᠭᠠᠷᠴᠠᠭ︾ ᠢ ᠨᠡᠶᠢᠲᠡᠯᠡᠭᠰᠡᠨ ᠤ ᠳᠠᠷᠠᠭ᠎ᠠ᠂ B ᠭᠠᠶᠢᠯᠢ ᠲᠤᠰᠢᠶᠠᠭᠴᠢ ᠶᠢᠨ ᠬᠤᠳᠠᠯᠳᠤᠨ ᠠᠪᠤᠭᠰᠠᠨ ᠮᠠᠰᠢᠨ ᠲᠡᠷᠭᠡᠨ ᠤ ᠡᠯᠧᠺᠲᠷᠣᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠵᠤ᠂ ᠭᠠᠶᠢᠯᠢ ᠠᠴᠠ ᠭᠡᠯᠳᠦᠷᠢᠭᠦᠯᠬᠦ ᠲᠡᠮᠳᠡᠭ ᠢ ᠬᠠᠳᠠᠬᠤ ᠶᠢᠨ ᠬᠠᠮᠲᠤ ᠳᠠᠭᠢᠵᠤ ᠳᠠᠮᠵᠢᠭᠤᠯᠵᠤ ᠪᠣᠯᠤᠨ᠎ᠠ᠃ B ᠭᠠᠶᠢᠯᠢ ᠲᠤᠰᠢᠶᠠᠭᠴᠢ ᠭᠠᠶᠢᠯᠢ ᠠᠴᠠ ᠬᠡᠯᠲᠦᠷᠢᠭᠦᠯᠬᠦ ᠲᠡᠮᠳᠡᠭ ᠵᠢᠴᠢ ᠪᠤᠰᠤᠳ ᠮᠠᠲ᠋ᠧᠷᠢᠶᠠᠯ ᠢᠶᠠᠷ ᠢᠶᠠᠨ ᠭᠠᠶᠢᠯᠢ ᠶᠢᠨ ᠶᠠᠪᠤᠳᠠᠯ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠭᠠᠶᠢᠯᠢ ᠶᠢ ᠪᠤᠴᠠᠭᠠᠬᠤ ᠭᠠᠷ ᠭᠦᠢᠴᠡᠳᠬᠡᠯ ᠬᠢᠵᠦ ᠪᠣᠯᠤᠨ᠎ᠠ᠃               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠮᠥᠩᠭᠦᠨᠰᠤᠶᠢᠬᠡ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3