ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ᠄ | ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠭᠠᠷ ᠤᠨ ᠰᠡᠷᠭᠡᠶᠢᠯᠡᠯᠲᠡ ᠶᠢᠨ | ᠦᠵᠡᠯ ᠤᠬᠠᠮᠰᠠᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠤᠨ ᠢᠴᠢᠭᠦᠷᠢ ᠶᠢ ᠥᠯᠥ ᠮᠠᠷᠲᠠᠵᠤ᠂ | ᠲᠡᠤᠬᠡ ᠪᠠᠨ ᠪᠠᠲᠤ ᠴᠡᠭᠡᠵᠢᠯᠡᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠡᠩᠬᠡ ᠲᠠᠶᠢᠪᠤᠩ ᠢ | ᠡᠷᠬᠢᠮᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠯᠭᠡᠬᠦ | ᠬᠦᠴᠦᠨ ᠤ ᠠᠯᠪᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 2023 ᠣᠨ ᠤ 9 ᠳ᠋ᠦᠭᠡᠷ ᠰᠠᠷ᠎ᠠ ᠶᠢᠨ | 18 ᠤ ᠡᠳᠦᠷ ᠤᠨ ᠦᠳᠡ ᠶᠢᠨ ᠡᠮᠦᠨᠡᠬᠢ 9᠄ 30 ᠲᠤ᠂ ᠰᠢᠶᠠᠨ ᠤ ᠬᠤᠲᠠ ᠶᠢᠨ ᠲᠣᠭᠤᠷᠢᠭ ᠲᠤ ᠠᠭᠠᠷ ᠤᠨ | ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠶᠢ ᠨᠢᠭᠡᠳᠦᠯᠲᠡᠶ ᠵᠣᠬᠢᠶᠠᠨ ᠪᠠᠶᠢᠭᠤᠯᠬᠤ ᠪᠠᠷ | ᠲᠣᠭᠲᠠᠪᠠ᠃ | ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ ᠳᠣᠩᠭᠤᠳᠬᠤ | 1. ᠤᠷᠢᠳᠴᠢᠯᠠᠭᠰᠠᠨ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠭᠠᠵᠤ 24 ᠰᠧᠺᠦ᠋ᠨ᠋ᠳ᠋ | ᠵᠣᠭᠰᠣᠨ᠎ᠠ᠂ 3 ᠤᠳᠠᠭ᠎ᠠ ᠳᠠᠪᠲᠠᠪᠠᠯ 1 ᠦᠶᠡᠯᠡᠯ ︵180 ᠰᠧᠺᠦ᠋ᠨ᠋ᠳ᠋︶︔ | 2. ᠠᠭᠠᠷ ᠤᠨ ᠲᠡᠭᠠᠷᠢᠯᠳᠠ ᠶᠢᠨ ᠰᠡᠷᠡᠮᠵᠢ ᠶᠢᠨ ᠲᠤᠬᠢᠶ᠎ᠠ᠄ 6 ᠰᠧᠺᠦ᠋ᠨ᠋ᠳ᠋ ᠳᠤᠤᠭᠠᠷᠭᠠᠵᠤ 6 ᠰᠧᠺᠦ᠋ᠨ᠋ᠳ᠋ | ᠵᠣᠭᠰᠣᠨ᠎ᠠ᠂ 15 ᠤᠳᠠᠭ᠎ᠠ ᠳᠠᠪᠲᠠᠪᠠᠯ 1 ᠦᠶᠡᠯᠡᠯ ︵180 ᠰᠧᠺᠦ᠋ᠨ᠋ᠳ᠋︶︔ | 3. ᠰᠡᠷᠡᠮᠵᠢ ᠶᠢᠨ ᠳᠣᠬᠢᠶ᠎ᠠ ᠶᠢ ᠲᠠᠶᠢᠯᠬᠤ᠄ ᠵᠠᠯᠭᠠᠭ᠎ᠠ ᠪᠠᠷ 180 ᠰᠧᠺᠦ᠋ᠨ᠋ᠳ᠋ ᠳᠤᠤᠭᠠᠷᠭᠠᠨ᠎ᠠ᠃ ᠠᠭᠠᠷ ᠤᠨ | ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠨᠢᠭᠡᠪᠦᠷᠢ ᠶᠢᠨ ᠠᠯᠤᠰᠯᠠᠬᠤ ᠴᠠᠭ ᠨᠢ 3 ᠮᠢᠨᠦ᠋ᠲ ᠪᠣᠯᠤᠨ᠎ᠠ᠃ | ᠠᠶᠤᠵᠤ ᠰᠠᠨᠳᠤᠷᠬᠤ ᠬᠡᠷᠡᠭ ᠦᠭᠡᠢ᠂ ᠬᠡᠪ ᠤᠨ ᠠᠵᠢᠯ᠂ ᠰᠤᠷᠤᠯᠭ᠎ᠠ᠂ ᠠᠮᠢᠳᠤᠷᠠᠯ ᠤᠨ ᠡᠮᠬᠢ ᠵᠢᠷᠤᠮ ᠲᠠᠢ | ᠪᠠᠶᠢᠬᠤ ᠶᠢ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠂ ᠡᠯ᠎ᠡ ᠰᠤᠷᠭᠠᠭᠤᠯᠢ ᠪᠠ ᠥᠷᠭᠡᠨ ᠤᠯᠠᠨ ᠰᠠᠭᠤᠭᠠᠯᠢ | ᠠᠷᠠᠳ ᠲᠤ ᠬᠦᠰᠡᠨ᠎ᠡ᠃ | ᠣᠨᠴᠠᠭᠠᠶᠢᠯᠠᠨ ᠵᠠᠷᠯᠠᠪᠠ | ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | 2023 ᠣᠨ ᠤ 9 ᠰᠠᠷ᠎ᠠ ᠶᠢᠨ 12 ᠤ ᠡᠳᠦᠷ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |