ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ ᠶᠢᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
      9 ᠰᠠᠷ᠎ᠠ ᠶᠢᠨ 13᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ ᠶᠢᠨ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠳᠦᠷᠢᠮ ᠨᠠᠷᠢᠨ ᠳᠦᠷᠢᠮ ᠢ ᠬᠢᠨᠠᠨ ᠵᠥᠪᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ  ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠯᠲᠠ ᠶᠢᠨ ᠨᠡᠪᠳᠡᠷᠡᠯᠳᠡ ᠵᠣᠬᠢᠴᠠᠭᠤᠯᠭ᠎ᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠪᠦᠷᠢᠯᠳᠦᠬᠦᠨ ᠨᠢᠭᠡᠴᠢ ᠨᠦᠭᠦᠳ ︽ᠨᠢᠭᠡ ᠬᠥᠯᠭᠡ ᠰᠢᠳᠡᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠢᠨᠠᠯᠲᠠ ᠲᠠᠢ ᠣᠷᠭᠠᠨᠢᠭ ᠢᠶᠠᠷ ᠨᠡᠪᠲᠡᠷᠡᠯᠴᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠬᠢᠨᠠᠯᠲᠠ ᠲᠠᠯᠪᠢᠬᠤ ᠲᠣᠣᠷ ᠢ ᠨᠢᠭᠲᠠ ᠰᠦᠯᠵᠢᠵᠦ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠤᠭᠤᠷᠣᠨᠳᠣ ᠪᠠᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠲᠠᠪᠴᠠᠩ ᠢ ᠬᠠᠮᠲᠤᠪᠠᠷ ᠪᠠᠶᠢᠭᠤᠯᠬᠤ᠂ ᠵᠡᠷᠭᠡᠪᠡᠷ ᠬᠥᠭᠵᠢᠬᠦ᠂ ᠬᠠᠮᠲᠤᠪᠠᠷ ᠬᠦᠴᠦᠯᠡᠬᠦ ᠶᠢ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠬᠢᠨᠠᠯᠲᠠ ᠶᠢ ᠵᠠᠪᠰᠠᠷ ᠦᠭᠡᠢ ᠵᠣᠯᠭᠠᠭᠤᠯᠬᠤ᠂ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠬᠢᠨᠠᠯᠲᠠ ᠶᠢ ᠬᠠᠮᠵᠢᠯᠴᠠᠭᠤᠯᠤᠨ ᠥᠨᠳᠥᠷ ᠪᠦᠲᠦᠮᠵᠢᠲᠡᠢ ᠠᠵᠢᠯᠯᠠᠭᠤᠯᠬᠤ ᠶᠢ ᠠᠬᠢᠭᠤᠯᠵᠤ᠂ ᠬᠢᠨᠠᠯᠲᠠ ᠶᠢᠨ ᠶᠠᠰᠤ ᠴᠢᠨᠠᠷ ᠪᠣᠯᠤᠨ ᠵᠠᠰᠠᠯᠲᠠ ᠶᠢᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠶᠢᠨ ︽ᠰᠡᠭᠦᠯᠴᠢ ᠶᠢᠨ ᠬᠠᠭᠠᠰ ᠵᠣᠬᠢᠶᠠᠯ︾᠎ ᠢ ᠰᠠᠶᠢᠲᠤᠷ ᠬᠢᠵᠦ᠂ ᠬᠢᠨᠠᠯᠲᠠ ᠲᠠᠯᠪᠢᠬᠤ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠶ᠃ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠭᠦᠨᠵᠡᠭᠡᠶᠢᠷᠡᠭᠦᠯᠬᠦ ᠶᠢ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠦᠨᠡᠨᠬᠦ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠯᠢ ᠺᠠᠢ ᠳ᠋ᠦᠩ᠂ ᠵᠤᠤ ᠷᠦᠢ᠂ ᠶᠠᠩ ᠵᠧᠨ ᠳ᠋ᠦᠩ᠂ ᠯᠢ ᠼᠠᠢ ᠴᠢᠩ᠂ ᠸᠠᠩ ᠸᠧᠢ ᠪᠢᠩ᠂ ᠶᠤᠸᠠᠢ ᠯᠢᠶᠠᠩ ᠬᠤᠷᠠᠯ ᠳᠤ ᠣᠷᠣᠯᠴᠠᠪᠠ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3